ᠰᠤᠷᠪᠤᠯᠵᠢᠯᠠᠭᠴᠢ 22 ᠤᠨ ᠡᠳᠦᠷ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠳᠦ ᠬᠠᠭᠠᠰ ᠵᠢᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠨᠢ ᠬᠤᠭᠤᠯᠠ ᠵᠠᠬᠢᠶᠠᠯᠠᠬᠤ ᠶᠢ ᠬᠥᠲᠥᠯᠥᠨ | ᠵᠢᠯᠤᠭᠤᠳᠬᠤ᠂ ᠵᠣᠭᠤᠰᠤᠨ ᠤ ᠲᠤᠭ᠎ᠠ ᠳᠤ ᠬᠦᠷᠭᠡᠪᠡᠯ ᠬᠠᠰᠤᠬᠤ ᠵᠣᠭᠤᠰᠤᠨ ᠤ ᠲᠤᠭ᠎ᠠ ᠶᠢ ᠭᠦᠢᠴᠡᠭᠡᠬᠦ᠂ ᠬᠡᠲᠦᠷᠡᠲᠡᠯ᠎ᠡ | ᠬᠠᠩᠭᠠᠬᠤ ᠵᠡᠷᠭᠡ ᠵᠠᠬᠢᠶᠠᠯᠠᠭ᠎ᠠ ᠶᠢᠨ ᠬᠤᠭᠤᠯᠠ ᠤᠮᠳᠠ ᠶᠢ ᠪᠦᠷᠢᠯᠭᠡᠨ ᠰᠦᠢᠳᠬᠡᠬᠦ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠵᠤ᠂ ᠪᠠᠷᠢᠮᠵᠢᠶ᠎ᠠ | ᠵᠢᠷᠤᠮᠵᠢᠯ ᠢ ᠪᠦᠷᠢᠨᠰᠢᠭᠦᠯᠵᠦ᠂ ᠰᠦᠯᠵᠢᠶᠡᠨ ᠤ ᠢᠳᠡᠭᠡᠨ ᠤᠮᠳᠠᠭᠠᠨ ᠤ ᠲᠠᠪᠴᠠᠩ᠂ ᠵᠠᠬᠢᠶᠠᠯᠠᠭ᠎ᠠ ᠶᠢᠨ ᠬᠤᠭᠤᠯᠠᠨ ᠤ | ᠬᠤᠳᠠᠯᠳᠤᠭᠠᠴᠢᠨ ᠤ ᠵᠣᠬᠢᠬᠤ ᠬᠡᠮᠵᠢᠶᠡᠨ ᠤ ᠬᠤᠭᠤᠯᠠ ᠵᠠᠬᠢᠶᠠᠯᠠᠬᠤ ᠲᠤᠬᠠᠢ ᠰᠠᠨᠠᠭᠤᠯᠤᠮᠵᠢ ᠶᠢ ᠵᠢᠷᠤᠮᠵᠢᠭᠤᠯᠬᠤ᠂ | ᠡᠬᠢᠯᠡᠵᠦ ᠬᠦᠷᠭᠡᠬᠦ ᠦᠨ᠎ᠡ ᠬᠠᠩᠰᠢ ᠶᠢ ᠵᠣᠬᠢᠰᠲᠠᠢ ᠲᠣᠬᠢᠷᠠᠭᠤᠯᠬᠤ᠂ ᠢᠳᠡᠭᠡᠨ ᠤᠮᠳᠠᠭᠠᠨ ᠤ ᠬᠡᠮᠵᠢᠶ᠎ᠡ ᠶᠢ | ᠰᠢᠯᠢᠳᠡᠭᠵᠢᠭᠦᠯᠬᠦ ᠵᠡᠷᠭᠡ ᠢᠳᠡᠭᠡᠨ ᠤᠮᠳᠠᠭᠠᠨ ᠢ ᠭᠠᠳᠠᠭᠰᠢ ᠪᠣᠷᠣᠯᠠᠭᠤᠯᠬᠤ ᠠᠵᠢᠯᠯᠠᠭ᠎ᠠ ᠶᠢ ᠰᠢᠪᠠᠳᠠᠨ ᠱᠠᠭᠠᠷᠳᠠᠪᠠ᠂ | ᠣᠳᠣᠬᠠᠨ ᠪᠣᠯᠲᠠᠯ᠎ᠠ᠄ ᠨᠡᠶᠢᠳᠡ 85.5 ᠲᠦᠮᠡᠨ ᠲᠠᠪᠴᠠᠩ ᠤᠨ ᠠᠵᠤ ᠠᠬᠤᠶᠢᠯᠠᠯ ᠪᠣᠯᠣᠨ ᠵᠠᠬᠢᠶᠠᠯᠠᠭ᠎ᠠ ᠶᠢᠨ | ᠬᠤᠭᠤᠯᠠ ᠶᠢᠨ ᠬᠤᠳᠠᠯᠳᠤᠭᠠᠴᠢᠨ ᠳᠤ ᠬᠢᠨᠠᠯᠲᠠ ᠲᠠᠯᠪᠢᠵᠤ ᠪᠠᠶᠢᠴᠠᠭᠠᠵᠤ᠂ 2591 ᠬᠤᠪᠢ ᠬᠡᠷᠡᠭ ᠢ ᠵᠠᠷᠯᠢᠭᠳᠠᠨ | ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠡᠷᠡᠮᠵᠢᠯᠡᠭᠦᠯᠵᠦ᠂ 6 . 9 ᠲᠦᠮᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ 145 ᠬᠤᠪᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ 21 ᠵᠦᠢᠯ ᠤᠨ ᠬᠠᠮᠢᠶ᠎ᠠ ᠪᠦᠬᠦᠢ | ᠪᠠᠷᠢᠮᠵᠢᠶ᠎ᠠ ᠶᠢ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠵᠤ᠂ 94.8 ᠲᠦᠮᠡᠨ ᠬᠥᠮᠥᠨ ᠤᠳᠠᠭ᠎ᠠ ᠪᠠᠷᠢᠮᠵᠢᠶ᠎ᠠ ᠶᠢ | ᠤᠬᠠᠭᠤᠯᠤᠨ ᠲᠤᠤᠱᠯᠠᠭᠤᠯᠵᠤ᠂ ᠵᠠᠬᠢᠶᠠᠯᠠᠭ᠎ᠠ ᠶᠢᠨ ᠬᠤᠭᠤᠯᠠᠨ ᠤ ᠬᠤᠳᠠᠯᠳᠤᠭᠠᠴᠢᠨ ᠪᠠ ᠢᠳᠡᠭᠡᠨ ᠤᠮᠳᠠᠭᠠᠨ ᠤ | ᠦᠢᠯᠡᠴᠢᠯᠡᠭᠡᠨ ᠤ ᠠᠵᠢᠯᠯᠠᠭᠴᠢ ᠶᠢ 108.1 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠠᠢ᠃ ᠲᠣᠮᠣ ᠬᠡᠯᠪᠡᠷᠢ ᠶᠢᠨ | ᠢᠳᠡᠭᠡᠨ ᠤᠮᠳᠠᠭᠠᠨ ᠵᠠᠬᠢᠶᠠᠯᠠᠭ᠎ᠠ ᠶᠢᠨ ᠲᠠᠪᠴᠠᠩ ᠤᠨ ︽ᠨᠢᠭᠡ ᠬᠥᠮᠥᠨ ᠤ ᠬᠤᠭᠤᠯᠠ︾᠂ ︽ᠪᠠᠭ᠎ᠠ ᠬᠤᠪᠢ ᠬᠤᠭᠤᠯᠠ︾ | ᠶᠢᠨ ᠲᠤᠰᠬᠠᠢ ᠣᠷᠣᠴᠠ ᠬᠠᠩᠭᠠᠬᠤ ᠶᠢ ᠵᠢᠯᠣᠭᠤᠳᠤᠨ ᠠᠬᠢᠭᠤᠯᠵᠤ᠂ ᠵᠠᠬᠢᠶᠠᠯᠠᠭ᠎ᠠ ᠶᠢᠨ ︽ᠨᠡᠭᠦᠷᠡᠰᠦᠲᠥ᠋ᠷᠥᠭᠴᠢ︾ ᠶᠢᠨ | ᠬᠤᠷᠠᠮᠳᠤᠯ ᠬᠤᠪᠢ ᠭᠠᠷᠭᠠᠭᠰᠠᠨ ᠠᠴᠠ ᠡᠨᠡ ᠵᠢᠯ ᠠᠴᠠ ᠨᠠᠭᠠᠰᠢ ︽ᠪᠠᠭ᠎ᠠ ᠬᠤᠪᠢ ᠬᠤᠭᠤᠯᠠ︾ ᠶᠢᠨ ᠵᠠᠬᠢᠶᠠᠯᠠᠭ᠎ᠠ | ᠨᠢᠭᠡᠨᠲᠡ 60 ᠳ᠋ᠦᠩᠰᠢᠭᠤᠷ ᠲᠥᠭᠦᠷᠢᠭ ᠢ ᠳᠠᠪᠠᠵᠠᠢ᠃ | |