ᠠᠷᠠᠳ ᠤᠨ ᠰᠦᠯᠵᠢᠶ᠎ᠡ ᠶᠢᠨ 16 ᠤ ᠡᠳᠦᠷ ᠤᠨ ᠮᠡᠳᠡᠭᠡ᠄ ᠵᠠᠷᠢᠮ ᠰᠦᠯᠵᠢᠶᠡᠨ ᠨᠠᠶᠢᠵᠠ ᠨᠠᠷ ᠳᠡᠭᠡᠳᠦ | ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠳᠠᠷᠠᠭ᠎ᠠ᠂ ᠲᠡᠳᠡ ᠤ ᠰᠢᠯᠭᠠᠯᠲᠠ ᠶᠢᠨ ᠳᠤᠮᠳᠠ ᠬᠡᠮ ᠬᠢᠭᠰᠡᠨ ᠦᠢᠯᠡ | ᠠᠵᠢᠯᠯᠠᠭ᠎ᠠ ᠶᠢ ᠢᠯᠡᠷᠡᠭᠦᠯᠵᠦ᠂ ᠲᠤᠰ ᠬᠢᠴᠢᠶᠡᠯ ᠤᠨ ᠬᠢᠷᠢ ᠪᠦᠲᠦᠮᠵᠢ ᠨᠢ 0 ᠬᠤᠪᠢ ᠪᠣᠯᠣᠨ᠎ᠠ ᠭᠡᠰᠡᠨ ᠣᠬᠤᠷ | ᠮᠡᠳᠡᠭᠡ ᠣᠯᠣᠭᠰᠠᠨ ᠪᠥᠭᠡᠳ ︽ᠰᠤᠷᠭᠠᠨ ᠬᠥᠮᠦᠵᠢᠯ ᠤᠨ ᠰᠠᠯᠠᠭ᠎ᠠ ᠮᠥᠴᠢᠷ︾ ᠤᠨ ᠤᠲᠠᠰᠤ ᠪᠠᠷ ᠲᠡᠭᠦᠨ ᠢ ᠤᠲᠠᠰᠤ | ᠶᠠᠪᠤᠭᠤᠯᠵᠤ ᠯᠠᠪᠯᠠᠭᠤᠯᠬᠤ ᠶᠢ ᠵᠠᠬᠢᠭᠰᠠᠨ ᠪᠠᠶᠢᠨ᠎ᠠ ᠭᠡᠵᠦ ᠲᠤᠰᠬᠠᠪᠠ᠃ ᠡᠭᠦᠨ ᠤ ᠲᠤᠬᠠᠢ ᠴᠠᠭᠳᠠᠭᠠᠨ ᠤ ᠲᠠᠯ᠎ᠠ ᠶᠢᠨ | ᠬᠢᠨ ᠰᠠᠨᠠᠭᠤᠯᠤᠭᠰᠠᠨ ᠨᠢ᠄ ᠡᠨᠡ ᠪᠣᠯ ᠨᠡᠶᠢᠲᠡᠯᠢᠭ ᠴᠢᠨᠠᠷᠲᠠᠢ ᠣᠬᠤᠷ ᠮᠡᠳᠡᠭᠡ ᠶᠢᠨ ᠮᠡᠬᠡᠯᠡᠯ ᠮᠥᠨ᠂ ᠨᠥᠭᠦᠭᠡ | ᠡᠲᠡᠭᠡᠳ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠢᠶᠠᠷ ᠣᠪᠯᠠᠨ | ᠴᠢᠮ᠎ᠠ ᠪᠠᠷ ᠤᠲᠠᠰᠤ ᠲᠣᠰᠣᠭᠤᠯᠵᠤ᠂ ᠣᠬᠤᠷ ᠮᠡᠳᠡᠭᠡ ᠶᠢᠨ ᠴᠥᠷᠬᠡᠯᠡᠭᠡ ᠶᠢ ᠲᠣᠪᠴᠢᠳᠠᠬᠤ ᠪᠤᠶᠤ App ᠶᠢ | ᠪᠠᠭᠤᠯᠭᠠᠨ ᠠᠪᠴᠤ᠂ ᠮᠡᠳᠡᠭᠡ ᠵᠠᠩᠭᠢ ᠶᠢ ᠴᠢᠨᠢ ᠠᠯᠬᠤᠮ ᠠᠯᠬᠤᠮ ᠢᠶᠠᠷ ᠤᠬᠠᠭᠠᠯᠠᠨ ᠠᠪᠴᠤ᠂ ᠡᠴᠦᠰ ᠲᠡᠭᠡᠨ ᠲᠠᠨ ᠢ | ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠮᠡᠬᠡᠨ ᠳᠤ ᠣᠷᠣᠭᠤᠯᠤᠨ᠎ᠠ᠃ | |