ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠭᠠᠵᠠᠷ ᠰᠢᠷᠣᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ | ᠬᠠᠮᠲᠤ ᠶᠢᠨ ᠭᠠᠵᠠᠷ ᠰᠢᠷᠣᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠮᠠᠯᠵᠢᠬᠤ | ᠣᠷᠣᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠥᠮᠴᠢᠯᠡᠭᠴᠢ ᠪᠠ | ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠢ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠢ | ᠦᠨᠳᠦᠰᠦᠯᠡᠨ᠂ ᠪᠠᠷᠠᠭᠤᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠦᠷ | ᠬᠡᠷᠡᠭᠵᠢᠭᠦᠯᠬᠦ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷ ᠬᠡᠷᠡᠭᠵᠢᠭᠦᠯᠬᠦ ᠲᠣᠭᠲᠠᠭᠠᠯ ᠳᠤ ᠬᠡᠯᠡᠵᠦ ᠪᠠᠶᠢᠭ᠎ᠠ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠬᠡᠯᠪᠡᠷᠢ ᠪᠠᠷ ᠬᠠᠮᠲᠤ ᠶᠢᠨ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠢ ᠭᠦᠢᠴᠡᠳᠬᠡᠵᠦ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ | ᠳᠥᠴᠢᠨ ᠲᠠᠪᠤᠳᠤᠭᠠᠷ ᠵᠦᠢᠯ ᠤᠨ ᠲᠠᠲᠠᠪᠤᠷᠢᠯᠠᠬᠤ ᠬᠡᠪᠴᠢᠶᠡᠨ ᠳᠤ ᠲᠣᠭᠲᠠᠭᠠᠭᠰᠠᠨ ᠠᠴᠠ ᠭᠠᠳᠠᠨᠠᠬᠢ ᠪᠦᠲᠦᠭᠡᠨ | ᠪᠠᠶᠢᠭᠤᠯᠤᠯᠲᠠ ᠶᠢᠨ ᠵᠦᠢᠯᠡᠰ ᠲᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠳᠡᠭᠡᠨ | ︽ᠵᠥᠪᠬᠡᠨ ᠰᠢᠯᠵᠢᠭᠦᠯᠦᠨ ᠬᠡᠷᠡᠭᠯᠡᠬᠦ ᠠᠴᠠ ᠪᠢᠰᠢ ᠲᠠᠲᠠᠪᠤᠷᠢᠯᠠᠬᠤ ᠦᠭᠡᠢ︾ ᠠᠷᠭ᠎ᠠ ᠮᠠᠶ᠋ᠢᠭ ᠢ ᠠᠪᠴᠤ᠂ ᠵᠢᠷᠠᠳᠤᠭᠠᠷ | ᠵᠦᠢᠯ ᠪᠤᠶᠤ ᠵᠢᠷᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠬᠠᠮᠲᠤ ᠶᠢᠨ ᠥᠮᠴᠢᠯᠡᠯ ᠤᠨ | ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠶᠣᠰᠣᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ | ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠢ ᠪᠠᠷᠢᠮᠲᠠᠯᠠᠨ᠂ ᠲᠠᠷᠢᠶᠠᠨ ᠭᠠᠵᠠᠷ ᠢ ᠠᠯᠢ | ᠴᠢᠳᠠᠬᠤ ᠪᠠᠷ ᠡᠵᠡᠯᠡᠬᠦ ᠦᠭᠡᠢ ᠪᠤᠶᠤ ᠪᠠᠭ᠎ᠠ ᠡᠵᠡᠯᠡᠨ ᠬᠡᠷᠡᠭᠯᠡᠬᠦ ᠬᠡᠷᠡᠭᠲᠡᠢ᠃ | ᠳᠥᠷᠪᠡᠳᠦᠭᠡᠷ ᠵᠦᠢᠯ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠭᠦᠨᠵᠡᠭᠡᠢ ᠰᠢᠯᠢᠳᠡᠭᠵᠢᠭᠦᠯᠵᠦ᠂ ᠭᠠᠵᠠᠷ | ᠰᠢᠷᠣᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠮᠠᠯᠵᠢᠬᠤ ᠣᠷᠣᠨ ᠤ ᠭᠠᠵᠠᠷ | ᠰᠢᠷᠣᠢ ᠶᠢᠨ ᠡᠬᠢ ᠪᠠᠶᠠᠯᠢᠭ ᠤᠨ ᠦᠨ᠎ᠡ ᠥᠷᠲᠡᠭ ᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠲᠠᠪᠤᠳᠤᠭᠠᠷ ᠵᠦᠢᠯ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ | ᠭᠠᠵᠠᠷ ᠰᠢᠷᠣᠢ ᠶᠢ ᠬᠡᠷᠡᠭᠯᠡᠬᠦ ᠪᠠᠷ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠡᠷᠬᠡᠪᠰᠢ ᠬᠤᠰᠢᠭᠤ | ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠤᠶᠤ ᠰᠤᠮᠤ | ᠪᠠᠯᠭᠠᠰᠤ ᠶᠢᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ | ᠭᠠᠴᠠᠭ᠎ᠠ ᠲᠣᠰᠬᠤᠨ ᠤ ᠲᠥᠯᠦᠪᠵᠢᠭᠦᠯᠭᠡ ᠳᠤ ᠨᠡᠶᠢᠴᠡᠵᠦ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ | ᠱᠠᠭᠠᠷᠳᠠᠯᠭ᠎ᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ᠃ | ᠵᠢᠷᠭᠤᠳᠤᠭᠠᠷ ᠵᠦᠢᠯ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ ᠳᠤ ᠬᠡᠷᠡᠭᠯᠡᠬᠦ ᠪᠠᠷ ᠪᠠᠶᠢᠭ᠎ᠠ | ᠭᠠᠴᠠᠭᠠᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠬᠦ ᠡᠷᠬᠡ ᠶᠢ ᠲᠣᠳᠣᠷᠬᠠᠢ ᠪᠣᠯᠭᠠᠬᠤ ᠶᠢᠨ ᠬᠠᠮᠲᠤ ᠭᠠᠵᠠᠷ | ᠰᠢᠷᠣᠢ ᠶᠢᠨ ᠥᠮᠴᠢᠯᠡᠬᠦ ᠡᠷᠬᠡ ᠶᠢᠨ ᠳᠠᠩᠰᠠᠯᠠᠯᠲᠠ ᠶᠢ ᠨᠢᠭᠡᠨᠲᠡ ᠬᠠᠤᠯᠢ ᠶᠣᠰᠣᠭᠠᠷ ᠭᠦᠢᠴᠡᠳᠬᠡᠭᠰᠡᠨ ᠪᠠᠶᠢᠬᠤ | ᠬᠡᠷᠡᠭᠲᠡᠢ᠃ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠡᠷᠬᠡᠪᠰᠢ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠳᠠᠩᠰᠠᠯᠠᠯᠲᠠ ᠶᠢ ᠬᠠᠤᠯᠢ ᠶᠣᠰᠣᠭᠠᠷ ᠭᠦᠢᠴᠡᠳᠬᠡᠬᠦ | ᠬᠡᠷᠡᠭᠲᠡᠢ᠃ | ᠳᠣᠯᠣᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠪᠣᠯᠭᠠᠨ ᠬᠤᠪᠢᠷᠠᠭᠤᠯᠬᠤ ᠭᠠᠷᠳᠠᠮ ᠢ ᠭᠦᠢᠴᠡᠳᠬᠡᠬᠦ ᠳᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠠᠴᠠ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠦᠬᠡ ︵ᠰᠢᠯᠵᠢᠭᠦᠯᠦᠨ ᠬᠡᠷᠡᠭᠯᠡᠭᠦᠯᠦᠭᠰᠡᠨ | ᠭᠠᠵᠠᠷ ᠰᠢᠷᠣᠢ ᠶᠢᠨ ᠮᠠᠯᠵᠢᠬᠤ ᠡᠷᠦᠬᠡ︶ ᠲᠠᠢ ᠵᠥᠪᠳᠡᠯᠴᠡᠵᠦ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ | ᠡᠷᠦᠬᠡ ᠶᠢᠨ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠳᠠᠭᠠᠭᠠᠴᠢᠯᠠᠯᠲᠠ ᠶᠢᠨ ᠭᠡᠷ᠎ᠡ ᠶᠢ ᠬᠦᠴᠦᠨ ᠦᠭᠡᠢ | ᠪᠣᠯᠭᠠᠬᠤ ᠶᠢᠨ ᠬᠠᠮᠲᠤ ᠨᠥᠬᠦᠪᠦᠷᠢ ᠥᠭᠭᠦᠨ᠎ᠡ᠃ ᠨᠥᠬᠦᠪᠦᠷᠢ ᠥᠭᠬᠦ ᠪᠠᠷᠢᠮᠵᠢᠶ᠎ᠠ ᠶᠢ ᠣᠷᠣᠨ ᠬᠡᠰᠡᠭ ᠤᠨ | ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ᠭᠤᠷᠪᠠᠳᠤᠭᠠᠷ ᠪᠦᠯᠦᠭ ᠬᠢᠨᠠᠨ ᠵᠥᠪᠰᠢᠶᠡᠷᠡᠬᠦ ᠵᠢᠷᠤᠮ | ᠨᠠᠢᠮᠠᠳᠤᠭᠠᠷ ᠵᠦᠢᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ | ᠳᠡᠪᠰᠢᠭᠦᠯᠵᠦ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ | ᠲᠥᠯᠦᠪᠵᠢᠭᠦᠯᠭᠡ ᠶᠢᠨ ᠨᠥᠬᠦᠴᠡᠯ ᠢ ᠳᠤᠷᠠᠳᠴᠤ᠂ ᠭᠠᠵᠠᠷ ᠰᠢᠷᠣᠢ ᠶᠢᠨ ᠵᠠᠭᠠᠭ᠂ ᠲᠠᠯᠠᠪᠠᠶ᠂ ᠬᠡᠷᠡᠭᠴᠡᠭᠡ᠂ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠬᠦᠴᠦᠯᠡᠴᠡ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠵᠢᠯ ᠬᠤᠭᠤᠴᠠᠭ᠎ᠠ | ᠵᠡᠷᠭᠡ ᠶᠢ ᠲᠣᠳᠣᠷᠬᠠᠶᠢᠯᠠᠨ᠎ᠠ᠃ | ᠶᠢᠰᠦᠳᠦᠭᠡᠷ ᠵᠦᠢᠯ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ | ᠭᠠᠴᠠᠭ᠎ᠠ ᠲᠣᠰᠬᠤᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠲᠥᠰᠥᠯ ᠢ ᠨᠠᠶᠢᠷᠠᠭᠤᠯᠤᠨ ᠵᠣᠬᠢᠶᠠᠬᠤ ᠳᠤ ᠡᠷᠬᠡᠪᠰᠢ ᠲᠣᠰ ᠭᠠᠴᠠᠭᠠᠨ ᠤ ᠭᠤᠷᠪᠠᠨ ᠤ | ᠬᠤᠶᠠᠷ ᠠᠴᠠ ᠳᠡᠭᠡᠭᠰᠢᠬᠢ ᠲᠣᠰᠬᠤᠨ ᠤ ᠠᠷᠠᠳ ᠤᠨ ᠲᠥᠯᠥᠭᠡᠯᠡᠭᠴᠢ ᠪᠠᠷ ᠵᠥᠪᠰᠢᠶᠡᠷᠡᠭᠦᠯᠬᠦ ᠶᠢᠨ ᠬᠠᠮᠲᠤ | ᠪᠢᠴᠢᠭ ᠤᠨ ᠰᠠᠨᠠᠯ ᠭᠠᠷᠭᠠᠬᠤ ᠬᠡᠷᠡᠭᠲᠡᠢ᠃ ᠡᠭᠦᠨ ᠳᠤ ᠲᠥᠯᠦᠪᠵᠢᠭᠦᠯᠭᠡ ᠶᠢᠨ ᠨᠥᠬᠦᠴᠡᠯ᠂ ᠠᠵᠤ ᠦᠢᠯᠡᠰ ᠤᠨ | ᠵᠥᠪᠰᠢᠶᠡᠷᠡᠨ ᠣᠷᠣᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠵᠡᠷᠭᠡ ᠠᠭᠤᠯᠭ᠎ᠠ ᠪᠠᠭᠲᠠᠨ᠎ᠠ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ ᠶᠢᠨ | ᠶᠡᠷᠦᠩᠬᠡᠢ ᠥᠷᠲᠡᠭ ᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ | ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠦᠨᠡᠯᠡᠨ ᠵᠢᠱᠢᠬᠦ ᠪᠠᠶᠢᠭᠤᠯᠤᠮᠵᠢ ᠶᠢᠨ ᠦᠨᠡᠯᠡᠨ ᠵᠢᠱᠢᠭᠰᠡᠨ | ᠦᠨ᠎ᠡ ᠪᠠᠷ ᠯᠠᠪᠯᠠᠯᠲᠠ ᠪᠣᠯᠭᠠᠨ ᠲᠣᠭᠲᠠᠭᠠᠵᠤ ᠪᠣᠯᠣᠨ᠎ᠠ᠃ | ᠠᠷᠪᠠᠳᠤᠭᠠᠷ ᠵᠦᠢᠯ ᠤᠯᠤᠰ ᠠᠴᠠ ᠪᠡᠯᠡ ᠣᠷᠣᠭᠤᠯᠤᠭᠰᠠᠨ ᠴᠠᠬᠢᠯᠭᠠᠨ ᠬᠦᠴᠦ᠂ ᠵᠠᠮ ᠬᠠᠷᠢᠯᠴᠠᠭ᠎ᠠ᠂ ᠴᠢᠮᠡᠭᠡ | ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠵᠢᠴᠢ ᠣᠯᠠᠨ ᠨᠡᠶᠢᠲᠡ ᠶᠢᠨ ᠲᠥᠬᠦᠭᠡᠷᠦᠮᠵᠢ ᠨᠢ ᠮᠠᠯᠵᠢᠬᠤ ᠣᠷᠣᠨ ᠤ | ᠭᠠᠵᠠᠷ ᠰᠢᠷᠣᠢ ᠶᠢᠨ ᠦᠨ᠎ᠡ ᠬᠠᠩᠰᠢ ᠳᠤ ᠦᠵᠡᠬᠦᠯᠬᠦ ᠨᠥᠯᠥᠭᠡ ᠪᠠ ᠬᠤᠪᠢ ᠨᠡᠮᠡᠷᠢ ᠶᠢ ᠶᠡᠷᠤᠩᠬᠡᠶᠢᠯᠡᠨ ᠪᠤᠳᠤᠯᠬᠢᠯᠠᠵᠦ | ᠂ ᠤᠯᠤᠰ᠂ ᠬᠠᠮᠲᠤ ᠪᠠ ᠬᠤᠪᠢ ᠬᠥᠮᠥᠨ ᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠥᠷᠲᠡᠭ | ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠬᠤ ᠶᠢᠨ ᠲᠥᠯᠥᠭᠡ᠂ | ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ | ᠲᠤᠷᠰᠢᠯᠲᠠ ᠶᠢᠨ ᠭᠠᠵᠠᠷ ᠣᠷᠣᠨ ᠤ ᠬᠠᠮᠢᠶ᠎ᠠ ᠪᠦᠬᠦᠢ ᠲᠣᠭᠲᠠᠭᠠᠯ ᠪᠠ ᠠᠷᠭ᠎ᠠ ᠪᠠᠷ ᠯᠠᠪᠯᠠᠯᠲᠠ ᠪᠣᠯᠭᠠᠵᠤ᠂ ᠬᠤᠰᠢᠭᠤ | ᠵᠠᠰᠠᠭ ᠤᠨ ᠣᠷᠳᠣᠨ ᠠᠴᠠ ᠭᠠᠵᠠᠷ ᠰᠢᠷᠣᠢ ᠶᠢᠨ ᠶᠡᠷᠦᠩᠬᠡᠢ ᠥᠷᠲᠡᠭ ︵ᠰᠢᠨ᠎ᠡ ᠪᠠᠷ ᠨᠡᠮᠡᠭᠳᠡᠭᠰᠡᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠦᠷᠢ ᠲᠠᠢ ᠬᠡᠷᠡᠭᠯᠡᠬᠦ ᠰᠦᠢᠳᠬᠡᠯ ᠪᠠ ᠲᠥᠪᠬᠢᠨᠡᠭᠦᠯᠬᠦ | ᠨᠥᠬᠦᠪᠦᠷᠢ ᠶᠢᠨ ᠰᠦᠢᠳᠬᠡᠯ ᠢ ᠬᠠᠰᠤᠭᠰᠠᠨ ᠤ ᠳᠠᠷᠠᠭᠠᠬᠢ ᠵᠣᠭᠤᠰ ᠤᠨ ᠲᠤᠭ᠎ᠠ︶ ᠤᠨ 20%-50% ᠪᠠᠷ ᠭᠠᠵᠠᠷ | ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠲᠣᠬᠢᠷᠠᠭᠤᠯᠤᠯᠲᠠ ᠶᠢᠨ ᠮᠥᠩᠭᠦ ᠬᠤᠷᠢᠶᠠᠨ᠎ᠠ᠃ | ᠲᠣᠬᠢᠷᠠᠭᠤᠯᠤᠯᠲᠠ ᠶᠢᠨ ᠮᠥᠩᠭᠦ ᠶᠢ ᠭᠠᠵᠠᠷ ᠰᠢᠷᠣᠢ ᠶᠢᠨ ᠬᠡᠷᠡᠭᠴᠡᠭᠡ ᠶᠢ ᠦᠨᠳᠦᠰᠦᠯᠡᠨ ᠲᠣᠭᠲᠠᠭᠠᠵᠤ᠂ ᠠᠭᠤᠷᠬᠠᠢ | ᠮᠠᠯᠲᠠᠬᠤ ᠳᠤ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ 50%᠂ ᠬᠤᠳᠠᠯᠳᠤᠭᠠᠨ ᠤ ᠬᠡᠷᠡᠭᠯᠡᠬᠦ ᠭᠠᠵᠠᠷ ᠢ 40%᠂ | ᠠᠭᠤᠷᠬᠠᠢ ᠶᠢᠨ ᠪᠤᠰᠤ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ 35%᠂ ᠪᠤᠰᠤᠳ ᠬᠡᠷᠡᠭᠯᠡᠬᠦ ᠭᠠᠵᠠᠷ ᠢ | 20% ᠪᠠᠷ ᠲᠣᠭᠲᠠᠭᠠᠨ᠎ᠠ᠃ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠳᠤ | ᠲᠣᠭᠲᠠᠭᠠᠭᠰᠠᠨ ᠪᠠᠶᠢᠪᠠᠯ ᠲᠡᠷᠡ ᠲᠣᠭᠲᠠᠭᠠᠯ ᠢ ᠵᠢᠷᠤᠮᠯᠠᠨ᠎ᠠ᠃ ᠲᠣᠬᠢᠷᠠᠭᠤᠯᠬᠤ ᠮᠥᠩᠭᠦ ᠲᠠᠲᠠᠪᠤᠷᠢᠯᠠᠬᠤ ᠶᠠᠪᠤᠳᠠᠯ ᠢ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠲᠠᠪᠤᠷᠢᠯᠠᠨ᠎ᠠ᠃ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ | ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢᠨ ᠶᠣᠰᠣᠭᠠᠷ ᠭᠠᠵᠠᠷ ᠰᠢᠷᠣᠢ ᠶᠢᠨ ᠠᠰᠢᠭ ᠣᠷᠣᠯᠭ᠎ᠠ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢ ᠦᠨᠡᠨᠬᠦ ᠵᠢᠷᠤᠮᠵᠢᠭᠤᠯᠵᠤ᠂ ᠲᠠᠷᠢᠶᠠᠯᠠᠩ ᠤᠨ ᠰᠠᠯᠠᠭ᠎ᠠ ᠮᠥᠴᠢᠷ ᠨᠢ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ | ᠵᠢᠯᠤᠭᠤᠳᠤᠨ᠎ᠠ᠃ | ᠠᠷᠪᠠᠨ ᠨᠢᠭᠡᠳᠦᠭᠡᠷ ᠵᠦᠢᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ | ᠭᠠᠴᠠᠭᠠᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠲᠥᠰᠥᠯ ᠢ ᠪᠠᠶᠢᠭ᠎ᠠ ᠰᠤᠮᠤᠨ ᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠠᠩᠬ᠎ᠠ ᠬᠢᠨᠠᠭᠤᠯᠬᠤ ᠬᠡᠷᠡᠭᠲᠡᠢ᠃ ᠰᠤᠮᠤᠨ ᠤ ︵ᠪᠠᠯᠭᠠᠰᠤ︶ ᠠᠷᠠᠳ ᠤᠨ ᠵᠠᠰᠠᠭ ᠤᠨ ᠣᠷᠳᠣᠨ ᠠᠴᠠ | ᠬᠡᠰᠡᠭ ᠭᠠᠵᠠᠷ ᠤᠨ ᠣᠳᠣᠬᠢ ᠪᠠᠶᠢᠳᠠᠯ᠂ ᠡᠷᠬᠡ ᠶᠢᠨ ᠬᠠᠷᠢᠶᠠᠯᠠᠯ ᠤᠨ ᠪᠠᠶᠢᠳᠠᠯ᠂ ᠨᠥᠬᠦᠪᠦᠷᠢ ᠶᠢᠨ ᠪᠠᠶᠢᠳᠠᠯ ᠪᠠ | ᠬᠠᠮᠲᠤᠷᠠᠨ ᠡᠵᠡᠩᠨᠡᠬᠦ ︵ᠬᠤᠪᠢ ᠣᠷᠣᠬᠤ︶ ᠭᠡᠷ᠎ᠡ ᠲᠣᠭᠲᠠᠬᠤ ᠶᠢᠨ ᠲᠦᠭᠰᠢᠭᠦᠷᠢᠲᠦ ᠴᠢᠨᠠᠷ ᠵᠡᠷᠭᠡ ᠶᠢ ᠬᠢᠨᠠᠨ | ᠪᠠᠶᠢᠴᠠᠭᠠᠬᠤ ᠶᠢᠨ ᠬᠠᠮᠲᠤ ᠰᠠᠨᠠᠯ ᠭᠠᠷᠭᠠᠭᠰᠠᠨ ᠤ ᠳᠠᠷᠠᠭ᠎ᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠬᠢᠨ ᠬᠢᠨᠠᠭᠤᠯᠵᠤ᠂ ᠬᠤᠰᠢᠭᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠠᠷᠪᠠᠨ ᠬᠤᠶᠠᠳᠤᠭᠠᠷ ᠵᠦᠢᠯ ᠭᠠᠴᠠᠭᠠᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠲᠥᠰᠥᠯ ᠢ ᠬᠤᠰᠢᠭᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠢᠯᠡ | ᠨᠡᠶᠢᠲᠡᠯᠡᠵᠦ᠂ ᠢᠯᠡ ᠨᠡᠶᠢᠲᠡᠯᠡᠬᠦ ᠴᠠᠭ ᠢ 5 ᠠᠵᠢᠯᠯᠠᠬᠤ ᠡᠳᠦᠷ ᠠᠴᠠ ᠳᠤᠤᠷ᠎ᠠ ᠪᠠᠶᠢᠯᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠢᠯᠡ ᠨᠡᠶᠢᠲᠡᠯᠡᠬᠦ ᠠᠯᠪᠠᠨ ᠵᠠᠷ ᠳᠠᠭᠤᠰᠤᠭᠰᠠᠨ ᠤ ᠳᠠᠷᠠᠭ᠎ᠠ᠂ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠲᠥᠷᠥᠯ ᠵᠦᠢᠯ ᠤᠨ ᠨᠢᠭᠡᠴᠡ ᠪᠤᠶᠤ ᠬᠤᠪᠢ | ᠬᠥᠮᠥᠨ ᠯᠦᠭᠡ ︽ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠮᠲᠤᠷᠠᠨ | ᠡᠵᠡᠩᠨᠡᠬᠦ ︵ᠬᠤᠪᠢ ᠣᠷᠣᠭᠤᠯᠬᠤ︶ ᠭᠡᠷ᠎ᠡ︾ ᠲᠣᠭᠲᠠᠬᠤ ᠬᠡᠷᠡᠭᠲᠡᠢ᠃ ᠭᠡᠷ᠎ᠡ ᠶᠢᠨ ᠠᠭᠤᠯᠭ᠎ᠠ ᠳᠤ ᠭᠠᠵᠠᠷ | ᠰᠢᠷᠣᠢ ᠶᠢᠨ ᠪᠠᠶᠢᠷᠢᠯᠠᠯ᠂ ᠬᠡᠷᠡᠭᠴᠡᠭᠡ᠂ ᠲᠠᠯᠠᠪᠠᠶ᠂ ᠲᠥᠯᠦᠪᠵᠢᠭᠦᠯᠭᠡ ᠶᠢᠨ ᠨᠥᠬᠦᠴᠡᠯ᠂ ᠬᠡᠷᠡᠭᠯᠡᠬᠦ ᠵᠢᠯ ᠬᠤᠭᠤᠴᠠᠭ᠎ᠠ | ᠂ ᠠᠵᠤ ᠦᠢᠯᠡᠰ ᠤᠨ ᠵᠥᠪᠰᠢᠶᠡᠷᠡᠯ ᠤᠨ ᠱᠠᠭᠠᠷᠳᠠᠯᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ᠂ ᠡᠬᠢᠯᠡᠵᠦ ᠳᠠᠭᠤᠰᠬᠠᠬᠤ ᠴᠠᠭ᠂ ᠬᠠᠮᠲᠤ ᠶᠢᠨ ᠭᠠᠵᠠᠷ ᠰᠢᠷᠣᠢ ᠶᠢᠨ ᠬᠤᠯᠪᠤᠭᠠᠯᠠᠨ | ᠡᠵᠡᠩᠨᠡᠬᠦ ︵ᠬᠤᠪᠢ ᠣᠷᠣᠬᠤ︶ ᠠᠰᠢᠭ ᠣᠯᠵᠠᠪᠤᠷᠢ ᠶᠢᠨ ᠬᠤᠪᠢᠳᠠᠯ᠂ ᠬᠤᠶᠠᠷ ᠲᠠᠯ᠎ᠠ ᠶᠢᠨ ᠭᠡᠷ᠎ᠡ ᠵᠥᠷᠢᠴᠡᠭᠰᠡᠨ | ᠬᠠᠷᠢᠭᠤᠴᠠᠯᠭ᠎ᠠ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢᠨ ᠬᠠᠮᠢᠶ᠎ᠠ ᠪᠦᠬᠦᠢ | ᠠᠭᠤᠯᠭ᠎ᠠ ᠶᠢ ᠪᠠᠭᠲᠠᠭᠠᠨ᠎ᠠ᠃ ᠭᠠᠵᠠᠷ ᠰᠢᠷᠣᠢ ᠬᠡᠷᠡᠭᠯᠡᠬᠦ ᠵᠢᠯ ᠬᠤᠭᠤᠴᠠᠭ᠎ᠠ ᠶᠢ ᠤᠯᠤᠰ ᠤᠨ ᠥᠮᠴᠢᠯᠡᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ | ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠦᠢᠯ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠳᠤ ᠬᠤᠯᠪᠣᠭᠳᠠᠬᠤ ᠭᠠᠵᠠᠷ ᠰᠢᠷᠣᠢ | ᠳᠠᠭᠠᠭᠠᠴᠢᠯᠠᠭᠰᠠᠨ ᠮᠠᠯᠵᠢᠬᠤ ᠡᠷᠦᠬᠡ ᠶᠢᠨ ᠭᠠᠵᠠᠷ ᠰᠢᠷᠣᠢ ᠶᠢᠨ ᠲᠥᠯᠥᠪᠦᠷᠢ ᠶᠢᠨ ᠰᠦᠢᠳᠬᠡᠯ᠂ ᠲᠥᠪᠬᠢᠨᠡᠭᠦᠯᠬᠦ | ᠨᠥᠬᠦᠪᠦᠷᠢ ᠶᠢᠨ ᠰᠦᠢᠳᠬᠡᠯ ᠵᠢᠴᠢ ᠭᠠᠵᠠᠷ ᠳᠡᠭᠡᠷᠡᠬᠢ ᠳᠠᠭᠠᠯᠲᠠ ᠪᠣᠳᠠᠰ ᠤᠨ ᠲᠥᠯᠥᠪᠦᠷᠢ ᠶᠢᠨ ᠰᠦᠢᠳᠬᠡᠯ᠂ | ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠦᠷᠢ ᠲᠠᠢ ᠪᠠᠷ ᠬᠡᠷᠡᠭᠯᠡᠬᠦ | ᠰᠦᠢᠳᠬᠡᠯ ᠵᠡᠷᠭᠡ ᠶᠢ ᠵᠠᠷᠴᠢᠮ ᠳᠡᠭᠡᠷ᠎ᠡ ᠪᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠥᠭᠭᠦᠨ᠎ᠡ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ | ᠲᠥᠯᠥᠬᠦ ᠴᠢᠳᠠᠯ ᠦᠭᠡᠢ ᠪᠠᠶᠢᠪᠠᠯ᠂ ᠬᠤᠯᠪᠤᠭᠠᠯᠠᠨ ᠡᠵᠡᠩᠨᠡᠭᠰᠡᠨ ︵ᠬᠤᠪᠢ ᠣᠷᠣᠭᠰᠠᠨ︶ ᠭᠠᠵᠠᠷ ᠰᠢᠷᠣᠢ ᠶᠢ | ᠬᠡᠷᠡᠭᠯᠡᠵᠦ ᠪᠠᠶᠢᠭ᠎ᠠ ᠨᠢᠭᠡᠴᠡ ᠪᠤᠶᠤ ᠬᠤᠪᠢ ᠬᠥᠮᠥᠨ ᠠᠴᠠ ᠣᠷᠣᠯᠠᠨ ᠲᠤᠰᠢᠶᠠᠵᠤ᠂ ᠵᠣᠬᠢᠬᠤ ᠵᠣᠭᠤᠰ ᠤᠨ | ᠲᠤᠭ᠎ᠠ ᠶᠢ ᠬᠤᠯᠪᠤᠭᠠᠯᠠᠨ ᠡᠵᠡᠩᠨᠡᠭᠰᠡᠨ ︵ᠬᠤᠪᠢ ᠣᠷᠣᠭᠰᠠᠨ︶ ᠪᠡᠯᠡ ᠮᠥᠩᠭᠦ ᠶᠢᠨ ᠳᠣᠲᠣᠷ᠎ᠠ ᠠᠴᠠ ᠬᠠᠰᠤᠵᠤ | ᠭᠠᠷᠭᠠᠨ᠎ᠠ᠃ ᠡᠭᠦᠨ ᠳᠤ ᠬᠤᠯᠪᠣᠭᠳᠠᠭᠰᠠᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ᠂ ᠭᠡᠷ᠎ᠡ ᠶᠢᠨ ᠭᠠᠶᠢᠯᠢ | ᠵᠡᠷᠭᠡ ᠭᠠᠶᠢᠯᠢ ᠶᠢᠨ ᠵᠣᠭᠤᠰ ᠤᠨ ᠵᠣᠬᠢᠴᠠᠩᠭᠤᠢ ᠵᠣᠭᠤᠰ ᠤᠨ ᠲᠤᠭ᠎ᠠ ᠶᠢ ᠭᠠᠵᠠᠷ ᠰᠢᠷᠣᠢ ᠬᠡᠷᠡᠭᠯᠡᠭᠴᠢ ᠠᠴᠠ | ᠭᠠᠷᠭᠠᠨ᠎ᠠ᠃ | ᠠᠷᠪᠠᠨ ᠲᠠᠪᠤᠳᠤᠭᠠᠷ ᠵᠦᠢᠯ ᠲᠥᠷᠥᠯ ᠵᠦᠢᠯ ᠤᠨ ᠨᠢᠭᠡᠴᠡ ᠨᠢ ᠬᠢᠨᠠᠨ ᠵᠥᠪᠰᠢᠶᠡᠷᠡᠭᠰᠡᠨ ︵ᠳᠠᠩᠰᠠᠯᠠᠭᠤᠯᠤᠭᠰᠠᠨ | ︶ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠠᠪᠴᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠮᠵᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠶᠢ ᠭᠦᠢᠴᠡᠳᠬᠡᠵᠦ᠂ | ᠵᠥᠪᠰᠢᠶᠡᠷᠡᠭᠦᠯᠦᠭᠰᠡᠨ ᠤ ᠳᠠᠷᠠᠭ᠎ᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠠᠴᠠ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠭᠠᠵᠠᠷ ᠬᠠᠩᠭᠠᠵᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠶᠤ ᠬᠤᠪᠢ ᠬᠥᠮᠥᠨ ᠳᠤ ᠬᠡᠷᠡᠭᠯᠡᠭᠦᠯᠦᠨ᠎ᠡ᠃ | ᠠᠷᠪᠠᠨ ᠵᠢᠷᠭᠤᠳᠤᠭᠠᠷ ᠵᠦᠢᠯ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠶᠢ ᠬᠢᠨᠠᠨ | ᠵᠥᠪᠰᠢᠶᠡᠷᠡᠭᠰᠡᠨ ᠤ ᠳᠠᠷᠠᠭ᠎ᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠥᠷᠥᠯ | ᠵᠦᠢᠯ ᠤᠨ ᠨᠢᠭᠡᠴᠡ ᠪᠤᠶᠤ ᠬᠤᠪᠢ ᠬᠥᠮᠥᠨ ᠯᠦᠭᠡ ᠭᠡᠷ᠎ᠡ ᠪᠣᠯᠣᠨ ᠨᠥᠬᠦᠪᠦᠷᠢ ᠵᠠᠷᠤᠳᠠᠯ ᠤᠨ ᠬᠠᠮᠢᠶ᠎ᠠ ᠪᠦᠬᠦᠢ | ᠭᠡᠷᠡᠴᠢᠯᠡᠬᠦ ᠪᠢᠴᠢᠭ ᠮᠠᠲ᠋ᠧᠷᠢᠶᠠᠯ ᠢᠶᠠᠨ ᠠᠪᠴᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠨ᠎ᠠ᠃ ᠭᠠᠵᠠᠷ ᠬᠡᠷᠡᠭᠯᠡᠬᠦ ᠨᠢᠭᠡᠴᠢ ᠵᠢᠷᠤᠮ ᠶᠣᠰᠣᠭᠠᠷ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠨ᠎ᠠ᠃ | ᠠᠷᠪᠠᠨ ᠳᠣᠯᠣᠳᠤᠭᠠᠷ ᠵᠦᠢᠯ ᠬᠠᠤᠯᠢ ᠶᠣᠰᠣᠭᠠᠷ ᠵᠥᠪᠰᠢᠶᠡᠷᠡᠭᠰᠡᠨ ᠬᠠᠮᠲᠤᠷᠠᠨ ᠡᠵᠡᠩᠨᠡᠬᠦ ︵ᠬᠤᠪᠢ ᠣᠷᠣᠬᠤ︶ | ᠭᠠᠴᠠᠭᠠᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠣᠢ ᠬᠡᠷᠡᠭᠯᠡᠬᠦ ᠭᠡᠷ᠎ᠡ ᠶᠢᠨ | ᠬᠤᠭᠤᠴᠠᠭ᠎ᠠ ᠳᠦᠭᠦᠷᠬᠦ ᠠᠴᠠ ᠡᠮᠦᠨ᠎ᠡ᠂ ᠵᠠᠷᠴᠢᠮ ᠳᠡᠭᠡᠷ᠎ᠡ ᠪᠠᠨ ᠪᠤᠴᠠᠭᠠᠨ ᠠᠪᠴᠤ ᠪᠣᠯᠬᠤ ᠦᠭᠡᠢ᠃ ᠣᠯᠠᠨ | ᠨᠡᠶᠢᠲᠡ ᠶᠢᠨ ᠠᠰᠢᠭ ᠲᠤᠰᠠ ᠵᠡᠷᠭᠡ ᠰᠢᠯᠲᠠᠭᠠᠨ ᠠᠴᠠ ᠪᠣᠯᠵᠤ ᠦᠨᠡᠨᠬᠦ ᠪᠤᠴᠠᠭᠠᠨ ᠠᠪᠬᠤ ᠴᠢᠬᠤᠯᠠ ᠲᠠᠢ ᠪᠣᠯ᠂ | ᠲᠣᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠡᠷᠡᠭᠯᠡᠬᠦ ᠨᠢᠭᠡᠴᠡ ᠪᠤᠶᠤ ᠬᠤᠪᠢ ᠬᠥᠮᠥᠨ ᠤ | ᠵᠥᠪᠰᠢᠶᠡᠷᠡᠯ ᠢ ᠣᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠬᠡᠷᠡᠭᠯᠡᠬᠦ | ᠨᠢᠭᠡᠴᠡ ᠪᠤᠶᠤ ᠬᠤᠪᠢ ᠬᠥᠮᠥᠨ ᠯᠦᠭᠡ ᠪᠤᠴᠠᠭᠠᠨ ᠠᠪᠬᠤ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠰᠤᠮᠤᠨ ᠤ ︵ | ᠪᠠᠯᠭᠠᠰᠤ︶ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠬᠠᠷᠭᠤᠭᠤᠯᠵᠤ᠂ ᠬᠤᠰᠢᠭᠤ ᠪᠠᠶᠢᠭᠠᠯᠢ ᠶᠢᠨ | ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠤ ᠳᠠᠷᠠᠭ᠎ᠠ᠂ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠪᠤᠴᠠᠭᠠᠨ ᠠᠪᠤᠨ᠎ᠠ᠃ ᠭᠠᠵᠠᠷ ᠰᠢᠷᠣᠢ ᠶᠢ | ᠬᠡᠷᠡᠭᠯᠡᠬᠦ ᠭᠡᠷ᠎ᠡ ᠶᠢᠨ ᠬᠤᠭᠤᠴᠠᠭ᠎ᠠ ᠳᠦᠭᠦᠷᠬᠦ ᠠᠴᠠ ᠡᠮᠦᠨ᠎ᠡ ᠭᠠᠵᠠᠷ ᠰᠢᠷᠣᠢ ᠶᠢ ᠪᠤᠴᠠᠭᠠᠨ ᠠᠪᠤᠭᠰᠠᠨ ᠪᠠᠶᠢᠪᠠᠯ᠂ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠭᠠᠵᠠᠷ ᠰᠢᠷᠣᠢ ᠶᠢᠨ ᠪᠣᠳᠠᠲᠠᠢ | ᠬᠡᠷᠡᠭᠯᠡᠭᠰᠡᠨ ᠵᠢᠯ ᠬᠤᠭᠤᠴᠠᠭ᠎ᠠ ᠵᠢᠴᠢ ᠭᠠᠵᠠᠷ ᠰᠢᠷᠣᠢ ᠶᠢ ᠨᠡᠭᠡᠭᠡᠨ ᠠᠰᠢᠭᠯᠠᠭᠰᠠᠨ ᠥᠪᠡᠷ ᠤᠨ ᠥᠷᠲᠡᠭ ᠵᠡᠷᠭᠡ ᠶᠢ | ᠦᠨᠳᠦᠰᠦᠯᠡᠨ ᠵᠣᠬᠢᠬᠤ ᠨᠥᠬᠦᠪᠦᠷᠢ ᠥᠭᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠠᠮᠲᠤᠷᠠᠨ ᠡᠵᠡᠩᠨᠡᠬᠦ ︵ᠬᠤᠪᠢ ᠣᠷᠣᠬᠤ︶ ᠭᠠᠵᠠᠷ ᠰᠢᠷᠣᠢ ᠬᠡᠷᠡᠭᠯᠡᠬᠦ ᠨᠢᠭᠡᠴᠡ | ᠪᠤᠶᠤ ᠬᠤᠪᠢ ᠬᠥᠮᠥᠨ ᠬᠠᠤᠯᠢ ᠴᠠᠭᠠᠵᠠ᠂ ᠳᠦᠷᠢᠮ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠪᠣᠯᠣᠨ ︽ | ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠬᠠᠮᠲᠤᠷᠠᠨ ᠡᠵᠡᠩᠨᠡᠬᠦ ︵ | ᠬᠤᠪᠢ ᠣᠷᠣᠬᠤ︶ ᠭᠡᠷ᠎ᠡ︾ ᠶᠢᠨ ᠬᠤᠯᠪᠣᠭᠳᠠᠯ ᠪᠦᠬᠦᠢ ᠵᠦᠢᠯ ᠵᠤᠷᠪᠤᠰ ᠲᠤ ᠲᠣᠭᠲᠠᠭᠠᠭᠰᠠᠨ ᠬᠠᠮᠢᠶ᠎ᠠ ᠪᠦᠬᠦᠢ | ᠱᠠᠭᠠᠷᠳᠠᠯᠭ᠎ᠠ ᠬᠢᠭᠡᠳ ᠲᠥᠯᠦᠪᠵᠢᠭᠦᠯᠭᠡ ᠶᠢᠨ ᠨᠥᠬᠦᠴᠡᠯ ᠶᠣᠰᠣᠭᠠᠷ ᠨᠡᠭᠡᠭᠡᠨ ᠠᠰᠢᠭᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠠᠮᠲᠤᠷᠠᠨ ᠡᠵᠡᠩᠨᠡᠭᠰᠡᠨ ︵ᠬᠤᠪᠢ ᠣᠷᠣᠭᠤᠯᠤᠭᠰᠠᠨ︶ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠨᠥᠬᠦᠴᠡᠯ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠬᠦᠴᠦᠯᠡᠴᠡ ᠵᠡᠷᠭᠡ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠵᠤ᠂ ᠲᠥᠯᠦᠪᠵᠢᠭᠦᠯᠭᠡ ᠶᠢᠨ | ᠨᠥᠬᠦᠴᠡᠯ ᠵᠡᠷᠭᠡ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠦᠭᠡᠢ ᠶᠢ ᠨᠢ ᠲᠣᠷᠭᠠᠨ᠎ᠠ᠃ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠵᠡᠷᠭᠡ | ᠰᠢᠯᠲᠠᠭᠠᠨ ᠠᠴᠠ ᠪᠣᠯᠵᠤ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ᠂ ᠪᠠᠭᠲᠠᠭᠠᠮᠵᠢ ᠶᠢᠨ ᠨᠣᠷᠮ᠎ᠠ ᠶᠢ | ᠬᠤᠪᠢᠷᠠᠭᠤᠯᠬᠤ ᠵᠡᠷᠭᠡ ᠲᠥᠯᠦᠪᠵᠢᠭᠦᠯᠭᠡ ᠶᠢᠨ ᠨᠥᠬᠦᠴᠡᠯ ᠢ ᠬᠤᠪᠢᠷᠠᠭᠤᠯᠬᠤ ᠴᠢᠬᠤᠯᠠ ᠲᠠᠢ ᠪᠣᠯ᠂ ᠭᠠᠵᠠᠷ | ᠰᠢᠷᠣᠢ ᠶᠢ ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠨᠢᠭᠡᠴᠡ ᠪᠤᠶᠤ ᠬᠤᠪᠢ ᠬᠥᠮᠥᠨ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ | ᠵᠥᠪᠰᠢᠶᠡᠷᠡᠭᠦᠯᠦᠨ᠎ᠡ᠃ | ᠬᠤᠷᠢᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠨᠢ ︽ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠤᠯᠪᠤᠭᠠᠯᠠᠨ ᠡᠵᠡᠩᠨᠡᠬᠦ ︵ᠬᠤᠪᠢ ᠣᠷᠣᠭᠤᠯᠬᠤ︶ | ᠭᠡᠷ᠎ᠡ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠮᠥᠷᠳᠡᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠵᠦᠢ | ᠵᠣᠬᠢᠰᠲᠠᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠯ ᠢ ᠲᠣᠭᠲᠠᠭᠠᠵᠤ᠂ ᠮᠠᠯᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠬᠤ ᠦᠭᠡᠢ᠂ ᠨᠢᠭᠡᠴᠡ ᠪᠠ ᠬᠤᠪᠢ ᠬᠥᠮᠥᠨ ᠤ ᠬᠠᠮᠲᠤ ᠶᠢᠨ ᠭᠠᠵᠠᠷ | ᠰᠢᠷᠣᠢ ᠶᠢ ᠬᠡᠷᠡᠭᠯᠡᠬᠦ ᠶᠢᠨ ᠲᠣᠭᠲᠠᠪᠤᠷᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠦᠨᠡᠨᠬᠦ ᠪᠠᠲᠤᠯᠠᠨ᠎ᠠ᠃ | ᠬᠤᠷᠢᠨ ᠨᠢᠭᠡᠳᠦᠭᠡᠷ ᠵᠦᠢᠯ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ | ᠬᠠᠮᠲᠤᠷᠠᠨ ᠡᠵᠡᠩᠨᠡᠬᠦ ︵ᠬᠤᠪᠢ ᠣᠷᠣᠭᠤᠯᠬᠤ︶ ᠲᠤᠬᠠᠢ ᠤᠯᠤᠰ ᠪᠤᠶᠤ ᠳᠡᠭᠡᠳᠦ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠬᠠᠤᠯᠢ ᠴᠠᠭᠠᠵᠠ ᠳᠦᠷᠢᠮ | ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠲᠣᠰ | ᠲᠣᠭᠲᠠᠭᠠᠯ ᠢ ᠥᠪᠡᠰᠦᠪᠡᠨ ᠬᠦᠴᠦᠨ ᠦᠭᠡᠢ ᠪᠣᠯᠭᠠᠨ᠎ᠠ᠃ | ᠬᠤᠷᠢᠨ ᠬᠤᠶᠠᠳᠤᠭᠠᠷ ᠵᠦᠢᠯ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | | | | | | | | | |