ᠪᠠᠷᠠᠭᠤᠨ ᠦᠵᠦᠮᠦᠴᠢᠨ ᠬᠤᠰᠢᠭᠤᠨ ᠤ ᠰᠦᠢᠳᠬᠡᠯ ᠬᠤᠷᠢᠶᠠᠬᠤ ᠦᠭᠡᠢ ᠨᠡᠶᠢᠲᠡ ᠶᠢᠨ ᠮᠠᠰᠢᠨ ᠲᠡᠷᠭᠡ ᠨᠢ ᠰᠠᠭᠤᠭᠠᠯᠢ ᠠᠷᠠᠳ ᠲᠤ ᠳᠦᠭᠦᠮ ᠦᠵᠡᠭᠦᠯᠦᠨ᠎ᠡ
ᠨᠡᠶᠢᠲᠡᠯᠡᠭᠰᠡᠨ ᠴᠠᠭ᠄
2024/7/1
     ᠨᠡᠶᠢᠲᠡ ᠶᠢᠨ ᠮᠠᠰᠢᠨ ᠲᠡᠷᠭᠡ ᠨᠢ ᠠᠷᠠᠳ ᠤᠯᠠᠨ ᠤ ᠴᠢᠬᠤᠯᠠ ᠵᠠᠮ ᠬᠠᠷᠢᠯᠴᠠᠭᠠᠨ ᠤ ᠬᠡᠯᠪᠡᠷᠢ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠪᠠ ᠬᠤᠲᠠ ᠶᠢᠨ ᠳᠦᠷᠢ ᠳᠦᠷᠬᠦ ᠳᠤ ᠰᠢᠭᠤᠳ ᠬᠤᠯᠪᠤᠭᠳᠠᠨ᠎ᠠ᠃ 2024 ᠣᠨ ᠤ 2 ᠰᠠᠷ᠎ᠠ ᠶᠢᠨ 1 ᠤ ᠡᠳᠦᠷ ᠠᠴᠠ ᠡᠬᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠥᠬᠦ ᠠᠷᠠᠳ ᠠᠴᠠ ᠰᠦᠢᠳᠬᠡᠯ ᠬᠤᠷᠢᠶᠠᠬᠤ ᠦᠭᠡᠢ ᠳᠥᠷᠢᠮ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠭᠤᠭᠠᠯᠢ ᠠᠷᠠᠳ ᠲᠤ ᠨᠡᠩ ᠳᠦᠭᠦᠮ ᠲᠥᠳᠡ ᠵᠠᠮ ᠬᠠᠷᠢᠯᠴᠠᠭᠠᠨ ᠤ ᠨᠦᠬᠦᠴᠡᠯ ᠬᠠᠩᠭᠠᠭᠰᠠᠨ ᠪᠠᠶᠢᠨ᠎ᠠ᠃     ᠨᠡᠶᠢᠲᠡ ᠶᠢᠨ ᠮᠠᠰᠢᠨ ᠲᠡᠷᠭᠡ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ ᠡᠬᠢᠯᠡᠵᠦ ᠬᠡᠷᠡᠭᠵᠢᠭᠦᠯᠦᠭᠰᠡᠨ ᠠᠴᠠ ᠨᠠᠰᠢ᠂ ᠪᠠᠯᠭᠠᠷᠭᠤᠣᠯ ᠪᠠᠯᠭᠠᠰᠤᠨ ᠳᠤ ᠰᠠᠭᠤᠭ᠎ᠠ ᠯᠢᠦᠢ ᠨᠠᠰᠣᠲᠠᠨ ᠡᠳᠦᠷ ᠪᠦᠷᠢ ᠨᠡᠶᠢᠲᠡ  ᠶᠢᠨ ᠮᠠᠰᠢᠨ ᠲᠡᠷᠭᠡᠨ ᠳᠤ ᠰᠠᠭᠤᠵᠤ ᠵᠡᠭᠡᠯᠢ ᠳᠤ ᠭᠠᠷᠴᠤ ᠬᠡᠳᠦ ᠳᠡᠯᠭᠡᠭᠦᠷ ᠢᠶᠠᠷ ᠲᠤᠭᠤᠷᠢᠨ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠪᠣᠶᠤ ᠰᠠᠳᠤᠨ ᠲᠥᠷᠥᠯ ᠤᠨ ᠬᠢᠨ ᠢᠶᠠᠷ ᠢᠶᠠᠨ ᠠᠶᠢᠯᠴᠢᠯᠠᠳᠠᠭ  ᠪᠠᠶᠢᠨ᠎ᠠ᠃ ︽ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠨᠡᠶᠢᠲᠡ ᠶᠢᠨ ᠮᠠᠰᠢᠨ ᠲᠡᠷᠭᠡ ᠲᠠᠢ ᠪᠣᠯᠣᠭᠰᠠᠨ ᠨᠢ ᠮᠠᠰᠢ ᠳᠦᠭᠦᠮ ᠪᠣᠯᠵᠠᠢ᠃ ᠠᠩᠬ᠎ᠠ ᠡᠬᠢᠨ ᠳᠡᠭᠡᠨ ᠮᠠᠨ ᠤ ᠨᠠᠰᠤᠲᠠᠶᠢᠴᠤᠳ ᠺᠠᠷᠲ ᠳᠠᠩᠰᠠᠯᠠᠵᠤ ᠰᠦᠢᠳᠬᠡᠯ ᠲᠤᠰᠢᠶᠠᠬᠤ ᠦᠭᠡᠢ ᠪᠠᠷ ᠨᠡᠶᠢᠲᠡ  ᠶᠢᠨ ᠮᠠᠰᠢᠨ ᠳᠤ ᠰᠠᠭᠤᠳᠠᠭ᠃ ᠰᠡᠭᠦᠯᠡᠷ ᠨᠢ ᠪᠥᠬᠦ ᠠᠷᠠᠳ ᠠᠴᠠ ᠰᠦᠢᠳᠬᠡᠯ ᠬᠤᠷᠢᠶᠠᠬᠤ ᠦᠭᠡᠢ ᠪᠣᠯᠵᠠᠢ᠃ ᠡᠨᠡ  ᠨᠢ ᠨᠠᠮ ᠪᠠ ᠵᠠᠰᠠᠭ ᠤᠨ ᠣᠷᠳᠣᠨ  ᠤ ᠬᠠᠶᠢᠷ᠎ᠠ ᠬᠠᠯᠠᠮᠵᠢᠯᠠᠯ ᠢ ᠲᠥᠯᠥᠭᠡᠯᠡᠵᠦ᠂ ᠮᠠᠨ ᠤ ᠨᠠᠰᠤᠲᠠᠶᠢᠴᠤᠳ ᠲᠤ ᠥᠲᠡᠯᠦᠭᠡ ᠨᠠᠰᠤᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠦᠭᠰᠡᠨ ᠪᠠᠶᠢᠨ᠎ᠠ︾ ᠭᠡᠵᠦ ᠲᠡᠷᠡ ᠶᠠᠷᠢᠯ᠎ᠠ᠃ ᠪᠠᠯᠭᠠᠷᠭᠤᠣᠯ ᠪᠠᠯᠭᠠᠰᠣᠨ ᠤ ᠨᠡᠶᠢᠲᠡ ᠶᠢᠨ ᠮᠠᠰᠢᠨ ᠲᠡᠷᠭᠡ ᠨᠢ ᠰᠦᠢᠳᠬᠡᠯ ᠬᠤᠷᠢᠶᠠᠬᠤ  ᠦᠭᠡᠢ ᠪᠣᠯᠣᠭᠰᠠᠨ ᠴᠤ ᠲᠡᠷᠭᠡᠨ ᠤ ᠡᠭᠡᠯᠵᠢ ᠨᠢ ᠶᠡᠷᠦ ᠪᠠᠭᠠᠰᠤᠭᠰᠠᠨ ᠦᠭᠡᠢ ᠪᠠᠶᠢᠵᠤ᠂ ᠨᠡᠶᠢᠲᠡ ᠶᠢᠨ ᠮᠠᠰᠢᠨ ᠳᠤ ᠰᠠᠭᠤᠬᠤ ᠬᠦᠮᠦᠰ ᠴᠦ ᠶᠠᠪᠤᠬᠤ ᠲᠤᠲᠤᠮ ᠣᠯᠠᠰᠢᠷᠠᠵᠤ᠂ ᠨᠡᠶᠢᠲᠡ ᠶᠢᠨ ᠮᠠᠰᠢᠨ ᠳᠤ ᠰᠠᠭᠤᠬᠤ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠠᠷᠭ᠎ᠠ ᠮᠠᠶ᠋ᠢᠭ ᠤᠨ ᠲᠡᠷᠢᠭᠦᠨ ᠰᠣᠩᠭᠤᠯᠲᠠ ᠪᠤᠯᠤᠭᠰᠠᠨ ᠪᠠᠶᠢᠨ᠎ᠠ  ᠃    ᠣᠶᠢᠯᠠᠭᠠᠭᠰᠠᠨ ᠢᠶᠠᠷ᠂ ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠥᠬᠦ ᠠᠷᠠᠳ  ᠠᠴᠠ ᠰᠦᠢᠳᠬᠡᠯ ᠬᠤᠷᠢᠶᠠᠬᠤ ᠦᠭᠡᠢ ᠲᠥᠷᠦ ᠶᠢᠨ ᠪᠣᠳᠤᠯᠭ᠎ᠠ ᠪᠣᠯ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠨ ᠨᠢᠭᠡ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤ 2022 ᠣᠨ ᠤ 7 ᠰᠠᠷ᠎ᠠ ᠳᠤ ᠬᠤᠲᠠ ᠪᠠᠯᠭᠠᠰᠤᠨ ᠤ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠵᠦ᠂ ᠪᠥᠬᠦ ᠪᠠᠯᠭᠠᠰᠤᠨ ᠤ ᠰᠠᠭᠤᠭᠠᠯᠢ ᠠᠷᠠᠳ ᠲᠤ ᠡᠨᠡᠬᠦ ᠳᠥᠭᠦᠮ ᠳᠥᠲᠡ᠂ ᠪᠣᠬᠢᠷᠲᠤᠯ ᠦᠭᠡᠢ ᠵᠠᠮ ᠬᠠᠷᠢᠯᠴᠠᠭᠠᠨ ᠤ ᠨᠦᠬᠦᠴᠡᠯ ᠬᠠᠩᠭᠠᠭᠰᠠᠨ ᠠᠴᠠ ᠨᠠᠰᠢ᠂ ᠨᠡᠶᠢᠲᠡ 373277 ᠬᠥᠮᠥᠨ ᠤᠳᠠᠭ᠎ᠠ ᠰᠠᠭᠤᠵᠤ᠂ ᠡᠭᠦᠨ ᠤ ᠳᠣᠲᠣᠷ᠎ᠠ ᠰᠦᠢᠳᠬᠡᠯ  ᠬᠤᠷᠢᠶᠠᠭᠰᠠᠨ ᠦᠭᠡᠢ ᠨᠢ  293277 ᠬᠥᠮᠥᠨ ᠤᠳᠠᠭ᠎ᠠ ᠳᠤ ᠬᠥᠷᠴᠡᠢ᠃     ᠰᠦᠢᠳᠬᠡᠯ ᠬᠤᠷᠢᠶᠠᠬᠤ ᠦᠭᠡᠢ ᠨᠡᠶᠢᠲᠡ ᠶᠢᠨ ᠮᠠᠰᠢᠨ ᠲᠡᠷᠭᠡ ᠨᠢ ᠬᠤᠲᠠ ᠪᠠᠯᠭᠠᠰᠣᠨ ᠤ ᠵᠠᠮ ᠬᠠᠷᠢᠯᠴᠠᠭᠠᠨ ᠤ ᠦᠷ᠎ᠡ ᠪᠦᠲᠦᠮᠵᠢ ᠶᠢ ᠮᠡᠳᠡᠭᠳᠡᠮ᠎ᠡ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ  ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠵᠠᠮ ᠬᠠᠷᠢᠯᠴᠠᠭ᠎ᠠ ᠶᠢ ᠬᠥᠲᠥᠯᠥᠨ ᠵᠢᠯᠤᠭᠤᠳᠴᠤ᠂ ᠣᠷᠴᠢᠨ ᠠᠬᠤᠢ ᠶᠢᠨ ᠠᠭᠠᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠨᠥᠬᠦᠴᠡᠯ ᠢ ᠪᠣᠶ ᠪᠣᠯᠭᠠᠬᠤ ᠳᠤ ᠢᠳᠡᠪᠬᠢᠲᠡᠢ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号