ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠠᠰᠢᠭᠯᠠᠯᠲᠠ ᠶᠢᠨ ᠵᠥᠪᠰᠢᠶᠡᠷᠡᠯ ᠤᠨ ᠦᠨᠡᠮᠯᠡᠯ ᠣᠯᠪᠠ
ᠨᠡᠶᠢᠲᠡᠯᠡᠭᠰᠡᠨ ᠴᠠᠭ᠄
2024/7/10
      7 ᠰᠠᠷ᠎ᠠ ᠶᠢᠨ 8᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠠᠷᠬᠠᠭᠠᠭᠰᠠᠨ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠦᠨᠡᠮᠯᠡᠯ ᠢ ᠣᠯᠪᠠ᠃ ᠡᠨᠡ ᠨᠢ ᠲᠤᠰ ᠨᠢᠰᠬᠡᠯ ᠤᠨ ᠪᠠᠭᠤᠳᠠᠯ ᠤᠨ ᠠᠵᠢᠯᠯᠠᠬᠤ ᠨᠥᠬᠦᠴᠡᠯ ᠪᠦᠬᠦ ᠲᠠᠯ᠎ᠠ ᠪᠠᠷ ᠪᠦᠷᠢᠯᠳᠦᠵᠦ᠂ ᠠᠶᠠᠯᠠᠯ ᠨᠡᠪᠲᠡᠷᠡᠬᠦ ᠰᠢᠨ᠎ᠡ ᠬᠠᠭᠤᠳᠠᠰᠤ ᠪᠠᠨ ᠰᠡᠬᠦᠬᠦ ᠪᠣᠯᠣᠭᠰᠠᠨ ᠢ ᠬᠠᠷᠠᠭᠤᠯᠵᠤ ᠪᠠᠶᠢᠭ᠎ᠠ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠪᠣᠯ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠬᠤᠯᠠ ᠰᠠᠭᠤᠷᠢ ᠲᠥᠬᠦᠭᠡᠷᠦᠮᠵᠢ ᠪᠣᠯᠬᠤ ᠪᠠᠷ ᠪᠠᠷᠠᠬᠤ ᠦᠭᠡᠢ ᠥᠪᠥᠷ ᠮᠣᠩᠭᠤᠯ ᠤᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1.8 ᠳ᠋ᠦᠩᠰᠢᠭᠤᠷ᠂ ᠨᠢᠰᠦᠯᠲᠡ ᠶᠢᠨ ᠣᠷᠣᠨ ᠤ ᠲᠠᠰ ᠎ ᠨᠢ 2B ᠪᠠᠶᠢᠵᠤ᠂ 1200 × 30᠎ ᠶᠢᠨ ᠭᠦᠶᠦᠯᠲᠡ ᠶᠢᠨ ᠵᠠᠮ᠂ 9 ᠨᠢᠰᠬᠡᠯ ᠤᠨ ᠪᠠᠶᠢᠷᠢ ᠵᠢᠴᠢ ᠠᠶᠠᠯᠠᠯ ᠤᠨ ᠥᠷᠲᠡᠭᠡᠨ ᠤ ᠠᠰᠠᠷ᠂ ᠶᠡᠷᠦᠩᠬᠡᠶᠢᠯᠡᠭᠰᠡᠨ ᠠᠰᠠᠷ᠂ ᠲᠡᠷᠭᠡ ᠤᠨᠤᠭ᠎ᠠ ᠲᠦᠷᠢᠶᠡᠰᠦᠯᠡᠬᠦ ᠲᠥᠪ ᠵᠡᠷᠭᠡ ᠡᠯ᠎ᠡ ᠲᠥᠷᠥᠯ ᠎ ᠤᠨ ᠦᠢᠯᠡᠳᠪᠦᠷᠢᠯᠡᠯ ᠤᠨ ᠲᠤᠰᠠᠯᠠᠬᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠠᠢ᠃      ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠨᠢ ᠲᠤᠬᠠᠢ ᠶᠢᠨ ᠭᠠᠵᠠᠷ ᠤᠨ ᠠᠷᠠᠳ ᠣᠯᠠᠨ ᠤ ᠵᠠᠮ ᠬᠠᠷᠢᠯᠴᠠᠭ᠎ᠠ ᠳᠤ ᠲᠥᠬᠦᠮ ᠦᠵᠡᠭᠦᠯᠬᠦ ᠪᠠᠷ ᠪᠠᠷᠠᠬᠤ ᠦᠭᠡᠢ᠂ ᠪᠠᠰᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠲᠠᠪᠴᠠᠩ ᠪᠣᠯᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠳᠡᠮᠵᠢᠯᠭᠡ ᠬᠠᠩᠭᠠᠬᠤ ᠪᠣᠯᠣᠨ᠎ᠠ᠃ ᠨᠢᠰᠬᠡᠯ ᠤᠨ ᠪᠠᠭᠤᠳᠠᠯ ᠤᠨ ᠡᠵᠡᠩᠨᠡᠯᠲᠡ ᠡᠬᠢᠯᠡᠭᠰᠡᠨ ᠤ ᠳᠠᠷᠠᠭ᠎ᠠ᠂ ᠬᠥᠬᠡᠬᠤᠲᠠ᠂ ᠤᠯᠠᠭᠠᠨᠬᠠᠳᠠ᠂ ᠲᠦᠩᠯᠢᠶᠣᠣ ᠵᠡᠷᠭᠡ ᠭᠠᠵᠠᠷ ᠎ ᠲᠤ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠶᠢᠨ ᠬᠠᠮᠲᠤ ᠴᠡᠪᠡᠷ ᠰᠠᠶᠢᠬᠠᠨ ᠠᠭᠠᠷ ᠤᠨ ᠣᠷᠴᠢᠨ ᠨᠥᠬᠦᠴᠡᠯ ᠢᠶᠠᠨ ᠠᠰᠢᠭᠯᠠᠨ ᠨᠢᠰᠦᠯᠲᠡ ᠶᠢᠨ ᠪᠣᠯᠪᠠᠰᠤᠷᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠦᠨ᠂ ᠲᠤᠶᠢᠯ ᠤᠨ ᠬᠦᠢᠲᠡᠨ ᠣᠷᠣᠨ ᠪᠦᠰᠡ ᠶᠢᠨ ᠠᠭᠠᠷ ᠤᠨ ᠨᠢᠰᠦᠭᠦᠷ ᠢ ᠰᠢᠯᠭᠠᠨ ᠲᠤᠷᠰᠢᠬᠤ᠂ ᠲᠣᠮᠣ ᠬᠡᠯᠪᠡᠷᠢ ᠶᠢᠨ ᠵᠢᠯᠣᠭᠤᠴᠢ ᠦᠭᠡᠢ ᠨᠢᠰᠬᠡᠯ ᠢ ᠲᠤᠷᠰᠢᠨ ᠨᠢᠰᠬᠡᠬᠦ᠂ ᠵᠤᠭᠠᠴᠠᠨ ᠲᠣᠭᠤᠷᠢᠬᠤ᠂ ᠨᠢᠰᠦᠯᠲᠡ ᠶᠢ ᠪᠡᠶᠡᠴᠢᠯᠡᠨ ᠣᠶᠢᠯᠠᠭᠠᠬᠤ ᠪᠠ ᠰᠤᠳᠤᠯᠤᠨ ᠰᠤᠷᠤᠯᠴᠠᠬᠤ ᠵᠡᠷᠭᠡ ᠦᠢᠯᠡᠴᠢᠯᠡᠭᠡ ᠶᠢ ᠬᠠᠩᠭᠠᠬᠤ ᠪᠠᠷ ᠵᠢᠱᠢᠵᠦ ᠪᠣᠢ᠃ ᠡᠭᠦᠨ ᠤ ᠬᠠᠮᠲᠤ᠂ ᠨᠢᠰᠬᠡᠯ ᠤᠨ ᠪᠠᠭᠤᠳᠠᠯ ᠨᠢ ᠪᠠᠰᠠ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠮᠠᠯ ᠠᠵᠤ ᠠᠬᠤᠢ ᠶᠢᠨ ᠦᠢᠯᠡᠴᠢᠯᠡᠭᠡ᠂ ᠴᠠᠷᠴᠠᠬᠠᠢ ᠶᠢ ᠤᠰᠠᠳᠬᠠᠬᠤ᠂ ᠭᠠᠯ ᠢ ᠰᠡᠷᠭᠡᠶᠢᠯᠡᠬᠦ ᠵᠡᠷᠭᠡ ᠲᠠᠯ᠎ᠠ ᠪᠠᠷ ᠦᠢᠯᠡᠴᠢᠯᠡᠭᠡ ᠬᠠᠩᠭᠠᠬᠤ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号