ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠠᠭᠤᠷᠠᠯᠳᠤᠭᠠᠨ ᠢ ᠡᠶᠡᠳᠡᠭᠦᠯᠵᠦ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/7/10
     ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠠᠳ ᠤᠨ ᠡᠶᠡᠳᠡᠭᠦᠯᠭᠡ ᠎ ᠶᠢᠨ ᠵᠥᠪᠯᠡᠯ ᠪᠠᠶᠢᠭᠤᠯᠤᠭᠳᠠᠭᠰᠠᠨ ᠠᠴᠠ ᠨᠠᠰᠢ᠂ ᠲᠤᠰᠬᠠᠢ ᠮᠡᠷᠭᠡᠵᠢᠯ ᠤᠨ ᠡᠶᠡᠳᠡᠭᠦᠯᠬᠦ ᠦᠢᠯᠡᠴᠢᠯᠡᠭᠡ ᠪᠠᠷ ᠢᠶᠠᠨ ᠠᠵᠤ ᠠᠬᠤᠶᠢᠯᠠᠯ ᠢ ᠬᠠᠪᠰᠤᠷᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠭᠡᠷ᠎ᠡ ᠶᠢ ᠭᠦᠢᠴᠡᠳᠬᠡᠬᠦ ᠵᠡᠷᠭᠡ ᠲᠠᠯ᠎ᠠ ᠎ ᠶᠢᠨ ᠵᠡᠭᠤᠷᠠᠯᠳᠤᠭᠠᠨ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠬᠠᠤᠯᠢ ᠪᠠᠷ ᠵᠠᠰᠠᠬᠤ ᠣᠷᠴᠢᠨ ᠨᠦᠭᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃     2023 ᠣᠨ ᠤ ᠰᠡᠭᠦᠯᠴᠢ ᠪᠠᠷ᠂ ᠪᠠᠷᠠᠭᠤᠨ ᠦᠵᠦᠮᠦᠴᠢᠨ ᠬᠤᠰᠢᠭᠤᠨ ᠤ ᠨᠢᠭᠡᠨ ᠬᠢᠵᠠᠭᠠᠷᠲᠤ ᠺᠣᠮᠫᠠᠨᠢ ᠨᠢ ᠬᠤ᠋ ᠣᠪᠣᠭᠲᠤ᠂ ᠪᠠᠢ ᠣᠪᠣᠭᠲᠤ ᠵᠡᠷᠭᠡ ᠵᠠᠭᠠᠯᠳᠤᠭᠴᠢ ᠳᠤ ᠲᠠᠷᠠᠺᠲ᠋ᠣᠷ᠂ ᠡᠪᠡᠰᠦ ᠪᠣᠭᠤᠵᠢᠯᠠᠬᠤ ᠮᠠᠰᠢᠨ᠂ ᠡᠪᠡᠰᠦ ᠬᠠᠳᠤᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠵᠣᠭᠤᠰ ᠥᠷᠢᠲᠦᠭᠰᠡᠨ ᠠᠴᠠ ᠪᠣᠯᠵᠤ ᠵᠠᠭᠤᠷᠠᠯᠳᠤᠭᠠᠨ ᠡᠭᠦᠰᠴᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠶᠡᠳᠡᠭᠦᠯᠬᠦ ᠪᠠᠶᠢᠭᠤᠯᠤᠮᠵᠢ ᠪᠠᠷ ᠳᠠᠮᠵᠢᠭᠤᠯᠤᠨ ᠰᠢᠢᠳᠪᠦᠷᠢᠯᠡᠭᠦᠯᠬᠦ ᠪᠠᠷ ᠪᠣᠯᠵᠠᠢ᠃ ᠭᠤᠶᠤᠴᠢᠯᠠᠯ ᠢ ᠣᠯᠣᠭᠰᠠᠨ ᠤ ᠳᠠᠷᠠᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠎ ᠶᠢᠨ ᠡᠶᠡᠳᠡᠭᠦᠯᠬᠦ ᠪᠠᠶᠢᠭᠤᠯᠤᠮᠵᠢ ᠶᠢᠨ ᠠᠵᠢᠯᠲᠠᠳ ᠬᠡᠷᠡᠭ ᠤᠨ ᠮᠠᠲ᠋ᠧᠷᠢᠶᠠᠯ ᠢ ᠨᠠᠷᠢᠨ ᠰᠤᠳᠤᠯᠵᠤ᠂ ᠪᠠᠶᠢᠳᠠᠯ ᠢ ᠣᠶᠢᠯᠠᠭᠠᠨ᠂ ᠵᠠᠭᠠᠯᠳᠤᠭᠳᠠᠭᠴᠢ ᠲᠠᠢ ᠶᠠᠷᠢᠯᠴᠠᠬᠤ ᠪᠠᠷ ᠳᠠᠮᠵᠢᠨ ᠵᠠᠭᠠᠯᠳᠤᠭᠳᠠᠭᠴᠢ ᠨᠢ ᠡᠵᠡᠩᠨᠡᠯᠲᠡ ᠶᠢᠨ ᠪᠠᠶᠢᠳᠠᠯ ᠠᠨᠠᠢ᠂ ᠵᠠᠬ᠎ᠠ ᠳᠡᠯᠭᠡᠭᠦᠷ ᠲᠣᠭᠲᠠᠪᠤᠷᠢ ᠦᠭᠡᠢ ᠵᠡᠷᠭᠡ ᠰᠢᠯᠲᠠᠭᠠᠨ ᠠᠴᠠ ᠪᠣᠯᠵᠤ ᠭᠡᠷ᠎ᠡ ᠳᠤ ᠲᠣᠭᠲᠠᠭᠰᠠᠨ ᠬᠤᠭᠤᠴᠠᠭᠠᠨ ᠳᠤ ᠵᠣᠭᠤᠰ ᠢᠶᠠᠨ ᠲᠦᠯᠦᠵᠦ ᠴᠢᠳᠠᠭᠰᠠᠨ ᠦᠭᠡᠢ ᠶᠢ ᠣᠶᠢᠯᠠᠭᠠᠭᠰᠠᠨ ᠪᠠᠶᠢᠨ᠎ᠠ᠃ ᠪᠣᠳᠠᠲᠤ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠡᠶᠡᠳᠡᠭᠦᠯᠦᠭᠴᠢ ᠵᠠᠭᠠᠯᠳᠤᠭᠴᠢ ᠳᠤ ᠪᠠᠶᠢᠳᠠᠯ ᠢ ᠲᠣᠳᠣᠷᠬᠠᠶᠢᠯᠠᠬᠤ ᠶᠢᠨ ᠬᠠᠮᠲᠤ  ᠵᠠᠭᠠᠯᠳᠤᠭᠴᠢ ᠪᠠ ᠵᠠᠭᠠᠯᠳᠤᠭᠳᠠᠭᠴᠢ ᠲᠠᠢ ᠤᠯᠠᠨ ᠤᠳᠠᠭ᠎ᠠ ᠨᠡᠪᠲᠡᠷᠡᠯᠴᠡᠬᠦ ᠪᠠᠷ ᠲᠠᠮᠵᠢᠨ᠂ ᠡᠴᠦᠰ ᠲᠡᠭᠡᠨ ᠵᠣᠭᠤᠰ ᠪᠤᠴᠠᠭᠠᠬᠤ ᠴᠠᠭ ᠢ ᠣᠷᠲᠣᠳᠬᠠᠵᠤ᠂ ᠬᠦᠦ ᠮᠥᠩᠭᠦ ᠶᠢ ᠪᠠᠭᠤᠷᠠᠭᠤᠯᠬᠤ ᠵᠡᠷᠭᠡ ᠲᠠᠯ᠎ᠠ ᠪᠠᠷ ᠰᠠᠨᠠᠯ ᠨᠢᠭᠡᠳᠴᠦ᠂ ᠵᠠᠭᠤᠷᠠᠯᠳᠤᠭᠠᠨ ᠢ ᠴᠥᠮ ᠠᠮᠵᠢᠯᠲᠠ ᠲᠠᠢ ᠪᠠᠷ ᠡᠶᠡᠳᠡᠭᠦᠯᠪᠡ᠃     ᠣᠶᠢᠯᠠᠭᠠᠭᠰᠠᠨ ᠢᠶᠠᠷ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠶᠢᠷᠡᠭᠦᠯᠬᠦ ᠶᠢᠨ ᠲᠥᠯᠥᠭᠡ᠂ ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠬᠤᠰᠢᠭᠤ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠤᠯᠪᠤᠭᠠᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠲᠤ ︽ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠠᠷᠠᠳ ᠤᠨ ᠡᠶᠡᠳᠡᠭᠦᠯᠬᠦ ᠵᠥᠪᠯᠡᠯ︾᠂ ︽ᠪᠠᠷᠠᠭᠤᠨ ᠦᠵᠦᠮᠦᠴᠢᠨ ᠬᠤᠰᠢᠭᠤᠨ ᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠠᠷᠠᠳ ᠤᠨ ᠡᠶᠡᠳᠡᠭᠦᠯᠬᠦ ᠲᠥᠪ︾᠂ ︽ᠪᠠᠷᠠᠭᠤᠨ ᠦᠵᠦᠮᠦᠴᠢᠨ ᠬᠤᠰᠢᠭᠤᠨ ᠤ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠠᠷᠠᠳ ᠤᠨ ᠡᠶᠡᠳᠡᠭᠦᠯᠬᠦ ᠠᠵᠢᠯ ᠎ ᠤᠨ ᠲᠠᠰᠤᠭ︾ ᠵᠡᠷᠭᠡ ᠶᠢ ᠪᠠᠶᠢᠭᠤᠯᠵᠤ᠂ ᠪᠥᠬᠦ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ 6 ᠬᠤᠳᠠᠯᠳᠤᠭᠠᠨ ᠤ ᠨᠡᠶᠢᠭᠡᠮᠯᠢᠭ ᠤᠨ ᠳᠣᠲᠣᠷ᠎ᠠ ᠠᠴᠠ ᠤᠯᠠᠨ ᠲᠦᠮᠡᠨ ᠲᠠᠢ ᠨᠠᠶᠢᠷᠰᠠᠭ ᠬᠠᠷᠢᠯᠴᠠᠳᠠᠭ᠂ ᠬᠤᠳᠠᠯᠳᠤᠭᠠᠨ ᠤ ᠨᠡᠶᠢᠭᠡᠮᠯᠢᠭ ᠤᠨ ᠳᠤᠮᠳᠠ ᠪᠠᠨ ᠵᠣᠬᠢᠬᠤ ᠨᠡᠷ᠎ᠡ ᠬᠦᠨᠳᠦ ᠲᠠᠢ 30 ᠠᠵᠤ ᠠᠬᠤᠶᠢᠯᠠᠯᠲᠠᠨ ᠢ ᠰᠣᠩᠭᠤᠵᠤ᠂ ᠠᠷᠠᠳ ᠤᠨ ᠡᠶᠡᠳᠡᠭᠦᠯᠭᠡ ᠶᠢᠨ ᠠᠵᠢᠯ ᠢ ᠬᠢᠯᠭᠡᠭᠰᠡᠨ ᠪᠠᠶᠢᠨ᠎ᠠ᠃     ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠴᠣᠭᠴᠠᠯᠠᠨ ᠡᠯ᠎ᠡ ᠵᠦᠢᠯ ᠤᠨ ᠠᠵᠢᠯ ᠢ ᠲᠤᠤᠱᠯᠠᠭᠤᠯᠵᠤ᠂ ︽ᠬᠤᠶᠠᠷ ᠡᠷᠡᠭᠦᠯ︾᠎ ᠤᠨ ᠠᠵᠢᠯ ᠤᠨ ᠪᠣᠳᠠᠲᠠᠢ ᠳᠤ ᠰᠠᠭᠤᠷᠢᠯᠠᠨ᠂ ︽ᠳᠥᠷᠪᠡᠨ ᠬᠤᠷᠠᠯ︾᠎ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠥᠭᠦᠷᠭᠡ ᠬᠤᠯᠪᠣᠭᠠᠰᠤ᠂ ᠲᠤᠰᠠᠯᠠᠭᠴᠢ ᠪᠠ ︽ᠠᠷᠠᠳ ᠎ ᠠᠴᠠ ᠡᠵᠡᠩᠨᠡᠭᠰᠡᠨ ᠠᠵᠤ ᠠᠬᠤᠢ ᠶᠢᠨ ᠬᠥᠮᠥᠰ ᠤᠨ ᠭᠡᠷ ᠪᠦᠯᠢ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 2024 ᠣᠨ ᠤ 1 ᠰᠠᠷ᠎ᠠ ᠳᠤ᠂  ᠪᠥᠬᠦ ᠤᠯᠤᠰ ᠤᠨ ︽ᠲᠠᠪᠤᠨ ᠰᠠᠶᠢᠲᠠᠢ︾ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠎ ᠤ ᠬᠤᠯᠪᠣᠭ᠎ᠠ ᠪᠠᠷ ᠦᠨᠡᠯᠡᠭᠳᠡᠪᠡ᠃      ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠡᠶᠡᠳᠡᠭᠦᠯᠬᠦ ᠵᠥᠪᠯᠡᠯ ᠤᠨ ᠡᠶᠡᠳᠡᠭᠦᠯᠦᠭᠴᠢ ᠪᠢ ᠯᠢ ᠨᠠ᠄ ︽ᠪᠢ ᠪᠣᠯ ᠨᠢᠭᠡᠨ ᠦᠢᠯᠡᠳᠪᠦᠷᠢ ᠬᠤᠳᠠᠯᠳᠤᠭᠠᠨ ᠤ ᠬᠤᠯᠪᠣᠭᠠᠨ ᠤ ᠠᠷᠠᠳ ᠤᠨ ᠡᠶᠡᠳᠡᠭᠦᠯᠦᠭᠴᠢ ᠮᠥᠨ᠂ ᠮᠢᠨᠤ ᠠᠵᠢᠯ ᠪᠣᠯ ᠳᠠᠷᠤᠢ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠠᠪᠤᠳᠠᠯ ᠪᠣᠯᠣᠨ᠎ᠠ᠃ ᠡᠨᠡ ᠬᠦ ᠠᠵᠢᠯ ᠨᠢ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃ ᠮᠠᠨ ᠤ ᠡᠶᠡᠳᠡᠭᠦᠯᠭᠡ ᠶᠢᠨ ᠵᠥᠪᠯᠡᠯ ᠪᠣᠯ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠭᠦᠬᠦ ᠬᠤᠷᠢᠶ᠎ᠠ᠂ 148 ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠵᠡᠷᠭᠡ ᠤᠯᠠᠨ ᠰᠠᠯᠠᠭ᠎ᠠ ᠮᠥᠴᠢᠷ ᠠᠴᠠ ᠪᠠᠶᠢᠭᠤᠯᠤᠭᠰᠠᠨ ᠡᠶᠡᠳᠡᠭᠦᠯᠬᠦ ᠪᠠᠶᠢᠭᠤᠯᠤᠮᠵᠢ ᠪᠣᠯᠣᠨ᠎ᠠ᠂ ᠬᠤᠳᠠᠯᠳᠤᠭᠠᠨ ᠤ ᠨᠡᠶᠢᠭᠡᠮᠯᠢᠭ ᠠᠴᠠ 30 ᠰᠢᠯᠢᠳᠡᠭ ᠲᠥᠯᠥᠭᠡᠯᠡᠭᠴᠢ ᠠᠵᠤ ᠠᠬᠤᠶᠢᠯᠠᠯᠲᠠᠨ ᠢᠶᠠᠷ ᠡᠶᠡᠳᠡᠭᠦᠯᠦᠭᠴᠢ ᠪᠣᠯᠭᠠᠵᠤ᠂ ᠭᠤᠣᠯᠳᠠᠭᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠭᠤᠷᠣᠨᠳᠣᠬᠢ ᠠᠵᠤ ᠠᠬᠤᠢ ᠶᠢᠨ ᠵᠠᠭᠤᠷᠠᠯᠳᠤᠭᠠᠨ ᠳᠤ ᠴᠢᠭᠯᠡᠭᠦᠯᠵᠦ᠂ ᠵᠠᠷᠢᠮ ᠵᠠᠭᠤᠷᠠᠯᠳᠤᠭᠠᠨ ᠢ ᠳᠡᠭᠡᠭᠰᠢ ᠵᠠᠭᠠᠯᠳᠤᠬᠤ ᠠᠴᠠ ᠡᠮᠦᠨ᠎ᠡ ᠰᠢᠢᠳᠪᠦᠷᠢᠯᠡᠵᠦ᠂ ᠡᠨᠡ ᠨᠢ ᠴᠠᠭ ᠪᠠ ᠬᠦᠴᠦᠨ ᠢ ᠠᠷᠪᠢᠯᠠᠬᠤ ᠪᠣᠯᠣᠨ᠎ᠠ᠃ ᠮᠥᠨ ᠴᠦ ᠨᠢᠭᠡᠨ ᠳᠥᠭᠦᠮ ᠳᠥᠲᠡ ᠡᠶᠡᠳᠡᠭᠦᠯᠭᠡ ᠶᠢᠨ ᠬᠡᠪ ᠵᠠᠭᠪᠤᠷ ᠮᠥᠨ᠃ ᠡᠶᠡᠳᠡᠭᠦᠯᠦᠭᠴᠢ ᠪᠣᠯᠤᠭᠰᠠᠨ ᠤ ᠬᠤᠪᠢ ᠳᠤ᠂ ᠬᠤᠶᠢᠰᠢᠳᠠ ᠪᠢ ᠰᠤᠷᠤᠯᠴᠠᠯᠭ᠎ᠠ ᠪᠠᠨ ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠢ ᠬᠠᠮᠵᠢᠯᠴᠠᠬᠤ ᠪᠠᠷ ᠴᠢᠷᠮᠠᠶᠢᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号