ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠠᠰᠢᠭᠯᠠᠯᠲᠠ ᠶᠢᠨ ᠵᠥᠪᠰᠢᠶᠡᠷᠡᠯ ᠤᠨ ᠦᠨᠡᠮᠯᠡᠯ ᠣᠯᠪᠠ
ᠨᠡᠶᠢᠲᠡᠯᠡᠭᠰᠡᠨ ᠴᠠᠭ᠄
2024/7/10
      7 ᠰᠠᠷ᠎ᠠ ᠶᠢᠨ 8 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠠᠷᠬᠠᠭᠠᠭᠰᠠᠨ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠦᠨᠡᠮᠯᠡᠯ ᠢ ᠣᠯᠪᠠ᠃ ᠡᠨᠡ ᠨᠢ ᠲᠤᠰ ᠨᠢᠰᠬᠡᠯ ᠤᠨ ᠪᠠᠭᠤᠳᠠᠯ ᠤᠨ ᠠᠵᠢᠯᠯᠠᠬᠤ ᠨᠥᠬᠦᠴᠡᠯ ᠪᠦᠬᠦ ᠲᠠᠯ᠎ᠠ ᠪᠠᠷ ᠪᠦᠷᠢᠯᠳᠦᠵᠦ᠂ ᠠᠶᠠᠯᠠᠯ ᠨᠡᠪᠲᠡᠷᠡᠬᠦ ᠰᠢᠨ᠎ᠡ ᠬᠠᠭᠤᠳᠠᠰᠤ ᠪᠠᠨ ᠰᠡᠬᠦᠬᠦ ᠪᠣᠯᠣᠭᠰᠠᠨ ᠢ ᠬᠠᠷᠠᠭᠤᠯᠵᠤ ᠪᠠᠶᠢᠭ᠎ᠠ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠪᠣᠯ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠬᠤᠯᠠ ᠰᠠᠭᠤᠷᠢ ᠲᠥᠬᠦᠭᠡᠷᠦᠮᠵᠢ ᠪᠣᠯᠬᠤ ᠪᠠᠷ ᠪᠠᠷᠠᠬᠤ ᠦᠭᠡᠢ ᠥᠪᠥᠷ ᠮᠣᠩᠭᠤᠯ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ A1 ᠲᠥᠷᠥᠯ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1.8 ᠳ᠋ᠦᠩᠰᠢᠭᠤᠷ᠂ ᠨᠢᠰᠦᠯᠲᠡ ᠶᠢᠨ ᠣᠷᠣᠨ ᠤ ᠲᠠᠰ  ᠨᠢ 2B ᠪᠠᠶᠢᠵᠤ᠂ 1200 × 30 ᠶᠢᠨ ᠭᠦᠶᠦᠯᠲᠡ ᠶᠢᠨ ᠵᠠᠮ᠂ 9 ᠨᠢᠰᠬᠡᠯ ᠤᠨ ᠪᠠᠶᠢᠷᠢ ᠵᠢᠴᠢ ᠠᠶᠠᠯᠠᠯ ᠤᠨ ᠥᠷᠲᠡᠭᠡᠨ ᠤ ᠠᠰᠠᠷ᠂ ᠶᠡᠷᠦᠩᠬᠡᠶᠢᠯᠡᠭᠰᠡᠨ ᠠᠰᠠᠷ᠂ ᠲᠡᠷᠭᠡ ᠤᠨᠤᠭ᠎ᠠ ᠲᠦᠷᠢᠶᠡᠰᠦᠯᠡᠬᠦ ᠲᠥᠪ ᠵᠡᠷᠭᠡ ᠡᠯ᠎ᠡ ᠲᠥᠷᠥᠯ  ᠤᠨ ᠦᠢᠯᠡᠳᠪᠦᠷᠢᠯᠡᠯ ᠤᠨ ᠲᠤᠰᠠᠯᠠᠬᠤ ᠲᠥᠬᠦᠭᠡᠷᠦᠮᠵᠢ ᠶᠢ ᠪᠦᠲᠦᠭᠡᠨ ᠪᠠᠶᠢᠭᠤᠯᠵᠠᠢ᠃      ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠨᠢᠰᠬᠡᠯ ᠤᠨ ᠪᠠᠭᠤᠳᠠᠯ ᠨᠢ ᠲᠤᠬᠠᠢ ᠶᠢᠨ ᠭᠠᠵᠠᠷ ᠤᠨ ᠠᠷᠠᠳ ᠣᠯᠠᠨ ᠤ ᠵᠠᠮ ᠬᠠᠷᠢᠯᠴᠠᠭ᠎ᠠ ᠳᠤ ᠲᠥᠬᠦᠮ ᠦᠵᠡᠭᠦᠯᠬᠦ ᠪᠠᠷ ᠪᠠᠷᠠᠬᠤ ᠦᠭᠡᠢ᠂ ᠪᠠᠰᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠲᠠᠪᠴᠠᠩ ᠪᠣᠯᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠳᠡᠮᠵᠢᠯᠭᠡ ᠬᠠᠩᠭᠠᠬᠤ ᠪᠣᠯᠣᠨ᠎ᠠ᠃ ᠨᠢᠰᠬᠡᠯ ᠤᠨ ᠪᠠᠭᠤᠳᠠᠯ ᠤᠨ ᠡᠵᠡᠩᠨᠡᠯᠲᠡ ᠡᠬᠢᠯᠡᠭᠰᠡᠨ ᠤ ᠳᠠᠷᠠᠭ᠎ᠠ᠂ ᠬᠥᠬᠡᠬᠤᠲᠠ᠂ ᠤᠯᠠᠭᠠᠨᠬᠠᠳᠠ᠂ ᠲᠦᠩᠯᠢᠶᠣᠣ ᠵᠡᠷᠭᠡ ᠭᠠᠵᠠᠷ  ᠲᠤ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠶᠢᠨ ᠬᠠᠮᠲᠤ ᠴᠡᠪᠡᠷ ᠰᠠᠶᠢᠬᠠᠨ ᠠᠭᠠᠷ ᠤᠨ ᠣᠷᠴᠢᠨ ᠨᠥᠬᠦᠴᠡᠯ ᠢᠶᠠᠨ ᠠᠰᠢᠭᠯᠠᠨ ᠨᠢᠰᠦᠯᠲᠡ ᠶᠢᠨ ᠪᠣᠯᠪᠠᠰᠤᠷᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠦᠨ᠂ ᠲᠤᠶᠢᠯ ᠤᠨ ᠬᠦᠢᠲᠡᠨ ᠣᠷᠣᠨ ᠪᠦᠰᠡ ᠶᠢᠨ ᠠᠭᠠᠷ ᠤᠨ ᠨᠢᠰᠦᠭᠦᠷ ᠢ ᠰᠢᠯᠭᠠᠨ ᠲᠤᠷᠰᠢᠬᠤ᠂ ᠲᠣᠮᠣ ᠬᠡᠯᠪᠡᠷᠢ ᠶᠢᠨ ᠵᠢᠯᠣᠭᠤᠴᠢ ᠦᠭᠡᠢ ᠨᠢᠰᠬᠡᠯ ᠢ ᠲᠤᠷᠰᠢᠨ ᠨᠢᠰᠬᠡᠬᠦ᠂ ᠵᠤᠭᠠᠴᠠᠨ ᠲᠣᠭᠤᠷᠢᠬᠤ᠂ ᠨᠢᠰᠦᠯᠲᠡ ᠶᠢ ᠪᠡᠶᠡᠴᠢᠯᠡᠨ ᠣᠶᠢᠯᠠᠭᠠᠬᠤ ᠪᠠ ᠰᠤᠳᠤᠯᠤᠨ ᠰᠤᠷᠤᠯᠴᠠᠬᠤ ᠵᠡᠷᠭᠡ ᠦᠢᠯᠡᠴᠢᠯᠡᠭᠡ ᠶᠢ ᠬᠠᠩᠭᠠᠬᠤ ᠪᠠᠷ ᠵᠢᠱᠢᠵᠦ ᠪᠣᠢ᠃ ᠡᠭᠦᠨ ᠤ ᠬᠠᠮᠲᠤ᠂ ᠨᠢᠰᠬᠡᠯ ᠤᠨ ᠪᠠᠭᠤᠳᠠᠯ ᠨᠢ ᠪᠠᠰᠠ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠮᠠᠯ ᠠᠵᠤ ᠠᠬᠤᠢ ᠶᠢᠨ ᠦᠢᠯᠡᠴᠢᠯᠡᠭᠡ᠂ ᠴᠠᠷᠴᠠᠬᠠᠢ ᠶᠢ ᠤᠰᠠᠳᠬᠠᠬᠤ᠂ ᠭᠠᠯ ᠢ ᠰᠡᠷᠭᠡᠶᠢᠯᠡᠬᠦ ᠵᠡᠷᠭᠡ ᠲᠠᠯ᠎ᠠ ᠪᠠᠷ ᠦᠢᠯᠡᠴᠢᠯᠡᠭᠡ ᠬᠠᠩᠭᠠᠬᠤ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号