| ᠣᠶᠢᠷ᠎ᠠ ᠳᠤ᠂ ᠮᠠᠨ ᠤ ᠠᠶᠢᠮᠠᠭ ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠭᠦᠨᠵᠡᠭᠡᠢ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠪᠠ ᠢᠷᠡᠬᠦ ᠵᠢᠯ ᠳᠤ ᠮᠠᠨ ᠤ ᠠᠶᠢᠮᠠᠭ | ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠪᠠ ᠨᠡᠷᠡᠳᠦ ᠲᠡᠮᠳᠡᠭ ᠤᠨ ᠪᠠᠶᠢᠭᠤᠯᠤᠯᠲᠠ ᠶᠢ ᠤᠯᠠᠮ ᠴᠢᠨᠠᠭᠰᠢᠳᠠ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ | ᠨᠥᠬᠦᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ ᠭᠡᠵᠦ ᠲᠣᠳᠣᠷᠬᠠᠢ ᠲᠣᠭᠲᠠᠭᠠᠪᠠ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ᠂ ᠮᠠᠨ ᠤ ᠠᠶᠢᠮᠠᠭ ︽ᠡᠷᠦᠭᠡ ᠳᠤ ᠲᠡᠵᠢᠭᠡᠨ ᠦᠷᠡᠵᠢᠭᠦᠯᠵᠦ ᠠᠵᠤ | ᠠᠬᠤᠶᠢᠯᠠᠯ ᠳᠤ ᠪᠣᠷᠳᠣᠨ ᠲᠠᠷᠭᠤᠯᠠᠭᠤᠯᠬᠤ︾ ᠬᠠᠮᠲᠤᠷᠠᠯᠴᠠᠭᠠᠨ ᠤ ᠵᠠᠭᠪᠤᠷ ᠢ ᠵᠣᠷᠢᠭᠵᠢᠭᠤᠯᠵᠤ᠂ ᠲᠡᠵᠢᠭᠡᠨ | ᠦᠷᠡᠵᠢᠭᠦᠯᠬᠦ ᠡᠷᠦᠬᠡ ᠶᠢᠨ ᠲᠤᠭᠤᠯ ᠳᠤᠰᠴᠦ᠂ ᠠᠶᠢᠮᠠᠭ ᠤᠨ ᠳᠣᠲᠣᠷᠠᠬᠢ ᠲᠤᠭᠤᠯ ᠪᠣᠷᠳᠣᠨ ᠲᠠᠷᠭᠤᠯᠠᠭᠤᠯᠬᠤ ᠲᠠᠯᠠᠪᠠᠶ ᠳᠤ | ᠬᠤᠳᠠᠯᠳᠤᠨ ᠥᠭᠬᠦ᠂ ᠪᠣᠷᠳᠣᠨ ᠲᠠᠷᠭᠤᠯᠠᠭᠤᠯᠬᠤ ᠳᠠᠯᠠᠪᠠᠢ ᠶᠢᠨ ᠳᠤᠭᠤᠯ ᠬᠤᠳᠠᠯᠳᠤᠨ ᠠᠪᠴᠤ ᠪᠣᠷᠳᠣᠨ ᠲᠠᠷᠭᠤᠯᠠᠭᠤᠯᠬᠤ ᠶᠢ | ᠢᠳᠡᠪᠬᠢᠲᠡᠢ ᠬᠥᠲᠥᠯᠥᠨ ᠵᠢᠯᠣᠭᠤᠳᠤᠨ᠎ᠠ︔ ᠵᠣᠬᠢᠬᠤ ᠬᠡᠪᠴᠢᠶ᠎ᠡ ᠪᠠᠷ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ | ᠵᠣᠷᠢᠭᠵᠢᠭᠤᠯᠵᠤ᠂ ᠠᠶᠢᠮᠠᠭ ᠤᠨ ᠳᠣᠲᠣᠷᠠᠬᠢ ᠪᠣᠷᠳᠣᠨ ᠲᠠᠷᠭᠤᠯᠠᠭᠤᠯᠬᠤ ᠠᠵᠤ ᠠᠬᠤᠶᠢᠯᠠᠯ ᠤᠨ ᠲᠠᠩᠰᠠ ᠡᠪᠬᠡᠮᠡᠯ | ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠠᠶᠢᠮᠠᠭ ᠤᠨ ᠳᠣᠲᠣᠷᠠᠬᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ | ᠲᠠᠯᠠᠪᠠᠶ ᠨᠢ ᠪᠣᠷᠳᠣᠨ ᠲᠠᠷᠭᠤᠯᠠᠭᠤᠯᠤᠭᠰᠠᠨ ᠦᠬᠡᠷ ᠢᠶᠠᠨ ᠠᠶᠢᠮᠠᠭ ᠤᠨ ᠳᠣᠲᠣᠷᠠᠬᠢ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠳᠤ ᠬᠤᠳᠠᠯᠳᠤᠪᠠᠯ ᠨᠥᠬᠦᠪᠦᠷᠢ ᠣᠯᠭᠤᠨ᠎ᠠ︔ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠤᠨ ᠨᠠᠷᠢᠯᠢᠭ | ᠭᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠵᠦ᠂ ᠠᠶᠢᠮᠠᠭ ᠤᠨ ᠳᠣᠲᠣᠭᠠᠳᠤ ᠳᠤ ᠪᠣᠷᠳᠣᠨ ᠲᠠᠷᠭᠤᠯᠠᠭᠤᠯᠤᠭᠰᠠᠨ | ᠦᠬᠡᠷ ᠢ ᠵᠢᠯ ᠳᠤ 2000 ᠠᠴᠠ ᠳᠡᠭᠡᠭᠰᠢ ᠨᠢᠲᠤᠯᠵᠤ ᠡᠳ᠋ᠰᠢᠭᠦᠯᠦᠭᠰᠡᠨ ᠠᠵᠤ ᠠᠬᠤᠶᠢᠯᠠᠯ ᠢ 100 ᠲᠦᠮᠡᠨ | ᠲᠥᠭᠦᠷᠢᠭ ᠢᠶᠠᠷ ᠱᠠᠩᠨᠠᠵᠤ᠂ 100 ᠦᠬᠡᠷ ᠨᠡᠮᠡᠭᠳᠡᠭᠦᠯᠬᠦ ᠪᠣᠯᠭᠠᠨ ᠢᠯᠡᠭᠦᠦ 5 ᠲᠦᠮᠡᠨ ᠲᠥᠭᠦᠷᠢᠭ ᠢᠶᠠᠷ ᠱᠠᠩᠨᠠᠨ᠂ | ᠱᠠᠩᠨᠠᠯ ᠤᠨ ᠮᠥᠩᠭᠦ ᠶᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠮᠢᠬᠠᠨ ᠤ | ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠠᠶᠢᠮᠠᠭ ᠤᠨ ᠳᠣᠲᠣᠷ᠎ᠠ ᠪᠣᠷᠳᠣᠵᠤ ᠲᠠᠷᠭᠤᠯᠠᠭᠤᠯᠤᠭᠰᠠᠨ ᠦᠬᠡᠷ ᠢ ᠨᠢᠲᠤᠯᠵᠤ ᠡᠳ᠋ᠰᠢᠭᠦᠯᠦᠭᠰᠡᠨ ᠮᠥᠷᠲᠡᠭᠡᠨ C | ᠦᠵᠦᠭᠦᠷ ᠤᠨ ᠪᠣᠷᠤᠯᠠᠭᠤᠯᠭ᠎ᠠ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠣᠯ ᠬᠤᠨᠢᠨ ᠤ ᠡᠷᠬᠡ ᠶᠢ | ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠬᠦᠢᠲᠡᠨ ᠬᠡᠯᠬᠢᠶᠡᠲᠦ ᠲᠡᠭᠡᠭᠡᠪᠦᠷᠢ ᠪᠠ ᠬᠡᠷᠡᠭᠯᠡᠭᠴᠢ ᠠᠴᠠ | ᠬᠠᠮᠤᠭ ᠤᠨ ᠣᠶᠢᠷᠠᠬᠠᠨ ᠬᠥᠮᠥᠷᠭᠡ ᠶᠢ ᠤᠷᠢᠳ ᠢᠶᠠᠷ ᠬᠡᠷᠡᠭᠯᠡᠭᠦᠯᠦᠨ᠎ᠡ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ ᠮᠥᠩᠭᠦᠨ ᠭᠦᠢᠯᠭᠡᠭᠡ᠂ ᠢᠲᠡᠭᠡᠮᠵᠢ ᠶᠢᠨ ᠳᠠᠭᠠᠭᠠᠨ | ᠪᠠᠲᠤᠯᠠᠭ᠎ᠠ ᠶᠢᠨ ᠪᠠᠶᠢᠭᠤᠯᠤᠮᠵᠢ ᠶᠢ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ | ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠪᠡᠯᠡ ᠬᠤᠷᠠᠮᠳᠤᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠶᠢ | ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠬᠡᠪᠴᠢᠶᠡᠵᠢᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ | ᠠᠬᠤᠶᠢᠯᠠᠯ ᠪᠣᠯᠣᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠬᠠᠷᠠᠭᠠᠯᠵᠠᠯᠲᠤ ᠵᠢᠭᠡᠯᠡᠯᠭᠡ ᠡᠷᠡᠮᠡᠯᠵᠡᠬᠦ ᠳᠤ ᠰᠢᠯᠢ ᠶᠢᠨ ᠭᠤᠣᠯ | ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳ ᠢᠶᠠᠷ ᠳᠡᠮᠵᠢᠨ᠎ᠡ᠃ | ᠵᠢᠭᠡᠯᠡᠯᠭᠡ ᠶᠢᠨ ᠮᠥᠩᠭᠦᠨ ᠤ ᠲᠤᠭ᠎ᠠ ᠶᠢ ᠪᠣᠷᠳᠣᠨ ᠲᠠᠷᠭᠤᠯᠠᠭᠤᠯᠬᠤ ᠪᠠ ᠨᠢᠲᠤᠯᠵᠤ ᠡᠳ᠋ᠰᠢᠭᠦᠯᠬᠦ ᠪᠣᠳᠠᠲᠠᠢ ᠲᠤᠭ᠎ᠠ | ᠬᠡᠮᠵᠢᠶ᠎ᠡ ᠲᠠᠢ ᠬᠤᠯᠪᠣᠵᠤ᠂ ᠵᠢᠭᠡᠯᠡᠯᠭᠡ ᠶᠢᠨ ᠮᠥᠩᠭᠦ ᠶᠢ 3000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠵᠤ᠂ | ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ | ᠮᠡᠳᠡᠭᠦᠯᠦᠭᠰᠡᠨ ᠬᠦᠦ ᠨᠣᠷᠮ᠎ᠠ︶ ᠠᠴᠠ ᠬᠡᠲᠦᠷᠡᠭᠦᠯᠬᠦ ᠦᠭᠡᠢ ᠪᠠᠷ 50% ᠶᠢᠨ ᠬᠦᠦ ᠮᠥᠩᠭᠦ ᠶᠢ ᠨᠢ ᠣᠷᠣᠯᠠᠨ ᠥᠭᠭᠦᠨ᠎ᠡ᠃ | | ᠠᠷᠠᠯᠵᠢᠶᠠᠴᠢᠨ ᠤᠷᠢᠵᠤ ᠪᠡᠯᠡ ᠲᠠᠲᠠᠬᠤ ᠲᠠᠯ᠎ᠠ ᠪᠠᠷ᠂ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠮᠠᠨ ᠤ ᠠᠶᠢᠮᠠᠭ ᠤᠨ ᠠᠩᠭᠢᠰ ᠦᠬᠡᠷ ᠵᠢᠴᠢ ᠸᠠᠬᠢᠶ᠋ᠢᠤ᠋ ᠦᠬᠡᠷ ᠤᠨ ᠡᠬᠢ | ᠪᠠᠶᠠᠯᠢᠭ ᠤᠨ ᠳᠠᠪᠠᠭᠤᠯᠢᠭ ᠢ ᠠᠰᠢᠭᠯᠠᠨ᠂ 1-2 ᠳᠡᠭᠡᠳᠦ ᠲᠠᠰ ᠤᠨ ᠮᠢᠬᠠᠨ ᠤ ᠦᠬᠡᠷ ᠤᠨ ᠨᠢᠭᠡ ᠴᠣᠭᠴᠠᠵᠢᠭᠤᠯᠤᠭᠰᠠᠨ | ᠠᠵᠤ ᠠᠬᠤᠶᠢᠯᠠᠯ ᠢ ᠭᠤᠣᠯᠳᠠᠯᠭ᠎ᠠ ᠲᠠᠢ ᠲᠠᠲᠠᠨ ᠣᠷᠣᠭᠤᠯᠵᠤ᠂ ᠠᠶᠢᠮᠠᠭ ᠤᠨ ᠳᠣᠲᠣᠷ᠎ᠠ ᠪᠠᠨ ᠳᠡᠭᠡᠳᠦ ᠳᠡᠰ ᠤᠨ ᠦᠬᠡᠷ ᠤᠨ | ᠮᠢᠬ᠎ᠠ ᠨᠠᠷᠢᠯᠢᠭ ᠡᠳ᠋ᠰᠢᠭᠦᠯᠦᠨ ᠪᠣᠷᠣᠯᠠᠭᠤᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠵᠤ ᠠᠬᠤᠢ ᠶᠢᠨ ᠦᠷ᠎ᠡ | ᠠᠰᠢᠭ ᠢ ᠳᠡᠭᠡᠭᠰᠢᠯᠡᠭᠦᠯᠦᠨ᠂ ᠮᠠᠨ ᠤ ᠠᠶᠢᠮᠠᠭ ᠤᠨ ᠳᠡᠭᠡᠳᠦ ᠲᠠᠰ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ | ᠰᠠᠭᠤᠷᠢᠨ ᠢ ᠪᠠᠶᠢᠭᠤᠯᠬᠤ ᠳᠤ ᠰᠠᠶᠢᠨ ᠰᠠᠭᠤᠷᠢ ᠲᠠᠯᠪᠢᠨ᠎ᠠ᠃ | |