ᠰᠢᠯᠢ ᠶᠢᠨ ᠭᠤᠣᠯ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠵᠢᠭᠤᠯᠴᠢᠯᠠᠭᠴᠢᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/7/10
     ᠰᠢᠯᠢ ᠶᠢᠨ ᠭᠤᠣᠯ ᠠᠶᠢᠮᠠᠭ ᠤᠨ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠠᠷᠠᠳ ᠣᠯᠠᠨ ᠤ ᠣᠯᠠᠨ ᠶᠠᠩᠵᠤᠴᠢᠯᠠᠭᠰᠠᠨ᠂ ᠴᠢᠨᠠᠷᠵᠢᠭᠰᠠᠨ ᠵᠢᠭᠤᠯᠴᠢᠯᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ ᠲᠠᠪᠤᠨ ᠲᠠᠯ᠎ᠠ ᠪᠠᠷ ᠵᠢᠭᠤᠯᠴᠢᠯᠠᠭᠴᠢᠳ ᠲᠤ ᠳᠣᠲᠣᠨᠣᠰᠤᠭ ᠦᠢᠯᠡᠴᠢᠯᠡᠭᠡ ᠬᠠᠩᠭᠠᠬᠤ ᠪᠣᠯᠣᠨ᠎ᠠ᠃      ᠨᠢᠭᠡ ᠳᠤ᠂ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠭᠴᠢᠳ ᠰᠢᠯᠢ ᠶᠢᠨ ᠭᠤᠣᠯ ᠠᠶᠢᠮᠠᠭ ᠲᠤ ᠵᠠᠮ ᠬᠠᠷᠢᠯᠴᠠᠭᠠᠨ ᠤ ᠲᠠᠯ᠎ᠠ ᠪᠠᠷ ᠬᠠᠤᠯᠢ ᠶᠢ ᠬᠥᠩᠭᠡᠪᠲᠦᠷ ᠵᠥᠷᠢᠴᠡᠬᠦ ᠳᠤ᠂ ᠤᠶᠠᠨ ᠬᠠᠲᠠᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠥᠵᠢᠭᠦᠯᠬᠦ ᠪᠠᠷ ᠭᠤᠣᠯᠯᠠᠨ᠂ ︽ᠠᠩᠬᠠᠳᠠᠭᠴᠢ ᠵᠥᠷᠢᠴᠡᠯ ᠢ ᠲᠣᠷᠭᠠᠭᠤᠯᠢ ᠠᠴᠠ ᠬᠡᠯᠲᠦᠷᠢᠭᠦᠯᠦᠨ᠎ᠡ︾᠃ ᠬᠤᠶᠠᠷ ᠲᠤ᠂ ᠠᠶᠢᠮᠠᠭ ᠤᠨ ᠳᠣᠲᠣᠭᠠᠳᠤ ᠳᠤ ᠪᠠᠨ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠭᠴᠢᠳ ᠤᠨ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠲᠣᠭᠲᠠᠭᠠᠭᠰᠠᠨ ᠬᠡᠪᠴᠢᠶᠡᠨ ᠳᠤ᠂ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠭᠴᠢᠳ ᠲᠤ ᠬᠤᠯᠪᠣᠭᠳᠠᠬᠤ ᠵᠠᠮ ᠬᠠᠷᠢᠯᠴᠠᠭᠠᠨ ᠤ ᠠᠳᠠᠯ ᠳᠤ ᠲᠦᠷᠭᠡᠨ ᠰᠢᠢᠳᠪᠦᠷᠢᠯᠡᠬᠦ ᠵᠠᠷᠴᠢᠮ ᠢ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ︽ᠠᠭᠤᠳᠠᠮ ᠲᠠᠯ᠎ᠠ-ᠰᠢᠯᠢ ᠶᠢᠨ ᠭᠤᠣᠯ︾ ᠰᠣᠶᠣᠯ ᠵᠢᠭᠤᠯᠴᠢᠯᠠᠯ ᠤᠨ ᠠᠯᠪᠠᠨ ᠤ ᠣᠯᠠᠨ ᠨᠡᠶᠢᠲᠡ ᠶᠢᠨ ᠸᠢᠴᠠᠲ ᠲᠠᠪᠴᠠᠩ ᠠᠴᠠ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠡᠳᠦᠷ ᠪᠦᠷᠢ ᠬᠦᠷᠭᠡᠨ᠎ᠡ᠃ ᠳᠥᠷᠪᠡ ᠳᠤ᠂ ᠵᠢᠭᠤᠯᠴᠢᠯᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠵᠢᠭᠤᠯᠴᠢᠯᠠᠯ ᠤᠨ ᠠᠰᠠᠭᠤᠨ ᠯᠠᠪᠯᠠᠬᠤ ᠲᠤᠰᠬᠠᠢ ᠰᠠᠭᠤᠳᠠᠯ ᠭᠠᠷᠭᠠᠵᠤ᠂ ᠵᠢᠭᠤᠯᠴᠢᠯᠠᠯ ᠤᠨ ᠠᠰᠠᠭᠤᠨ ᠯᠠᠪᠯᠠᠬᠤ ᠦᠢᠯᠡᠴᠢᠯᠡᠭᠡᠨ ᠤ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ ᠭᠤᠶᠤᠴᠢᠯᠠᠯ ᠪᠠᠶᠢᠪᠠᠯ ᠵᠠᠪᠠᠯ ᠬᠦᠯᠢᠶᠡᠵᠦ᠂ ᠭᠤᠶᠤᠴᠢᠯᠠᠯ ᠪᠠᠶᠢᠪᠠᠯ ᠵᠠᠪᠠᠯ ᠬᠠᠷᠢᠭᠤᠯᠬᠤ ᠶᠢ ᠪᠡᠶᠡᠯᠡᠭᠦᠯᠦᠨ᠎ᠡ᠃ ᠲᠠᠪᠤ ᠳᠤ᠂ ᠪᠥᠬᠦ ᠠᠶᠢᠮᠠᠭ ᠤᠨ ᠡᠯ᠎ᠡ ᠭᠠᠵᠠᠷ ᠴᠢᠨᠠᠷ ᠰᠠᠶᠢᠲᠠᠢ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠠᠮ ᠬᠠᠷᠢᠯᠴᠠᠭ᠎ᠠ᠂ ᠪᠠᠷᠠᠭ᠎ᠠ ᠬᠤᠳᠠᠯᠳᠤᠭ᠎ᠠ᠂ ᠵᠤᠭ᠎ᠠ ᠴᠡᠩᠭᠡᠯ ᠵᠡᠷᠭᠡ ᠬᠤᠯᠪᠣᠭᠳᠠᠯ ᠪᠦᠬᠦᠢ ᠬᠦᠷᠢᠶᠡᠨ ᠳᠠᠬᠢ ᠵᠢᠭᠤᠯᠴᠢᠯᠠᠭᠴᠢᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠯᠪᠠᠳᠠᠯᠭ᠎ᠠ ᠪᠠᠷ ᠠᠷᠠᠯᠵᠢᠶᠠᠯᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠠᠶᠠᠨᠴᠢᠳ ᠢ ᠮᠡᠬᠡᠯᠡᠵᠦ ᠬᠢᠬᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃       ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠠᠨ ᠶᠡᠭᠡ ᠪᠠᠷ ᠠᠬᠢᠭᠤᠯᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢᠶᠠᠨ ᠪᠠᠶᠠᠯᠢᠭᠵᠢᠭᠤᠯᠵᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠡᠮᠬᠢ ᠳᠢᠭᠯᠢᠮ ᠢᠶᠠᠨ ᠵᠢᠷᠤᠮᠵᠢᠭᠤᠯᠵᠤ᠂ ︽ᠶᠠᠪᠤᠬᠤ ᠳᠤ ᠰᠠᠨᠠᠭ᠎ᠠ ᠪᠠᠷ᠂ ᠬᠤᠨᠣᠭᠯᠠᠬᠤ ᠳᠤ ᠰᠡᠳᠬᠢᠯ ᠠᠮᠤᠷ᠂ ᠢᠳᠡᠬᠦ ᠳᠤ ᠰᠠᠨᠠᠭ᠎ᠠ ᠠᠮᠤᠷ᠂ ᠨᠠᠭᠠᠳᠬᠤ ᠳᠤ ᠪᠠᠶᠠᠷ ᠬᠦᠷ ᠲᠠᠢ᠂ ᠬᠤᠳᠠᠯᠳᠤᠨ ᠠᠪᠬᠤ ᠳᠤ ᠬᠠᠨᠤᠮᠵᠢᠲᠠᠶ᠂ ᠵᠤᠭᠠᠴᠠᠬᠤ ᠳᠤ ᠲᠠᠭᠠᠯᠠᠮᠵᠢᠲᠠᠢ︾ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠪᠠᠶᠢᠨ᠎ᠠ᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号