ᠲᠤᠯᠠᠢ ᠡᠪᠡᠳᠴᠢᠨ ᠨᠢ ᠦᠨᠡᠬᠡᠷ ᠡᠷᠡᠭᠲᠡᠶᠢᠴᠦᠳ ᠢ ᠨᠡᠩ ᠢᠯᠡᠭᠦᠦ ᠲᠠᠷᠴᠢᠯᠠᠭᠠᠵᠤ ᠪᠠᠶᠢᠳᠠᠭ᠃ ᠡᠩ ᠤᠨ | ᠬᠥᠮᠥᠰ ᠤᠨ ᠳᠣᠲᠣᠷ᠎ᠠ᠂ 95% ᠠᠴᠠ ᠳᠡᠭᠡᠭᠰᠢᠬᠢ ᠡᠷᠡᠭᠲᠡᠶᠢᠴᠦᠳ ᠲᠤᠯᠠᠢ ᠡᠪᠡᠳᠴᠢᠨ ᠣᠯᠳᠠᠭ ᠪᠥᠭᠡᠳ | ᠡᠮᠡᠭᠲᠡᠶᠢᠴᠦᠳ ᠤᠨ ᠲᠤᠯᠠᠢ ᠡᠪᠡᠳᠴᠢᠨ ᠣᠯᠬᠤ ᠨᠤᠷᠮ᠎ᠠ ᠨᠢ ᠵᠥᠪᠬᠡᠨ 5% ᠬᠦᠷᠬᠦ ᠦᠭᠡᠢ ᠪᠠᠶᠢᠵᠤ᠂ ᠡᠷᠡᠭᠲᠡᠢ | ᠡᠮᠡᠭᠲᠡᠢ ᠶᠢᠨ ᠬᠠᠷᠢᠴᠠᠯ ᠨᠢ ᠪᠠᠷᠤᠭ 20᠄ 1 ᠪᠣᠯᠣᠨ᠎ᠠ᠃ ᠲᠤᠯᠠᠢ ᠡᠪᠡᠳᠴᠢᠨ ᠣᠯᠬᠤ ᠶᠢᠨ ᠭᠤᠣᠯ ᠰᠢᠯᠲᠠᠭᠠᠨ ᠨᠢ | ᠭᠤᠣᠯᠳᠠᠭᠤ ᠥᠨᠳᠥᠷ ᠰᠢᠭᠡᠰᠦᠨ ᠬᠦᠴᠢᠯ ᠤᠨ ᠴᠢᠰᠤᠨ ᠭᠡᠮ ᠪᠣᠯᠣᠨ᠎ᠠ᠂ ᠰᠢᠭᠡᠰᠦᠨ ᠬᠦᠴᠢᠯ ᠪᠣᠯ ᠬᠥᠮᠥᠨ ᠤ | ᠪᠡᠶ᠎ᠡ ᠶᠢᠨ ᠫᠦᠷᠢᠨ ᠤ ᠰᠣᠯᠢᠯᠴᠠᠭᠠᠨ ᠤ ᠡᠴᠦᠰ ᠤᠨ ᠪᠦᠲᠦᠭᠡᠭᠳᠡᠬᠦᠨ ᠪᠣᠯᠣᠨ᠎ᠠ᠃ ᠪᠥᠭᠡᠷ᠎ᠡ ᠪᠣᠯ ᠰᠢᠭᠡᠰᠦᠨ ᠬᠦᠴᠢᠯ | ᠢᠯᠭᠠᠷᠠᠭᠤᠯᠬᠤ ᠭᠤᠣᠯ ᠵᠠᠮ ᠪᠤᠯᠬᠤ ᠪᠥᠭᠡᠳ ᠡᠮ᠎ᠡ ᠬᠤᠷᠮᠣᠨ ᠨᠢ ᠰᠢᠭᠡᠰᠦᠨ ᠬᠦᠴᠢᠯ ᠢᠯᠭᠠᠷᠠᠭᠤᠯᠬᠤ ᠶᠢ | ᠠᠬᠢᠭᠤᠯᠬᠤ ᠦᠢᠯᠡᠳᠦᠯ ᠲᠠᠢ ᠶᠤᠮ᠃ ᠰᠠᠷ᠎ᠠ ᠶᠢᠨ ᠭᠬᠢᠷ ᠠᠷᠢᠯᠬᠤ ᠠᠴᠠ ᠡᠮᠦᠨ᠎ᠡ ᠡᠮᠡᠭᠲᠡᠶᠢᠴᠦᠳ ᠤᠨ ᠪᠡᠶ᠎ᠡ ᠶᠢᠨ | ᠳᠣᠲᠣᠷᠠᠬᠢ ᠡᠮ᠎ᠡ ᠬᠤᠷᠮᠣᠨ ᠤ ᠱᠦᠭᠦᠷᠡᠯᠲᠡ ᠶᠢᠨ ᠬᠡᠮᠵᠢᠶ᠎ᠡ ᠨᠡᠯᠢᠶᠡᠳ ᠶᠡᠭᠡ᠂ ᠴᠢᠰᠤᠨ ᠳᠣᠲᠣᠷᠠᠬᠢ ᠡᠮ᠎ᠡ | ᠬᠤᠷᠮᠣᠨ ᠤ ᠬᠡᠮᠵᠢᠶ᠎ᠡ ᠨᠡᠯᠢᠶᠡᠳ ᠥᠨᠳᠥᠷ ᠪᠠᠶᠢᠳᠠᠭ᠂ ᠲᠡᠶᠢᠨ ᠬᠦ ᠪᠥᠭᠡᠷᠡᠨ ᠤ ᠰᠢᠭᠡᠰᠦᠨ ᠬᠦᠴᠢᠯ ᠢ | ᠭᠠᠳᠠᠭᠰᠢᠯᠠᠭᠤᠯᠬᠤ ᠶᠢ ᠠᠬᠢᠭᠤᠯᠵᠤ᠂ ᠴᠢᠰᠤᠨ ᠳᠠᠬᠢ ᠰᠢᠭᠡᠰᠦᠨ ᠬᠦᠴᠢᠯ ᠤᠨ ᠬᠡᠮᠵᠢᠶ᠎ᠡ ᠶᠢ ᠪᠠᠭᠤᠷᠠᠭᠤᠯᠬᠤ ᠶᠢ | ᠲᠤᠰᠠᠯᠠᠳᠠᠭ᠃ | ᠡᠶᠢᠮᠦ ᠠᠴᠠ ᠡᠷᠡᠭᠲᠡᠶᠢᠴᠦᠳ ᠤᠨ ᠴᠢᠰᠤᠨ ᠡᠭᠡᠳᠡᠩ ᠳᠣᠲᠣᠷᠠᠬᠢ ᠰᠢᠭᠡᠰᠦᠨ ᠬᠦᠴᠢᠯ ᠤᠨ ᠬᠡᠮᠵᠢᠶ᠎ᠡ ᠨᠢ | ᠰᠠᠷ᠎ᠠ ᠶᠢᠨ ᠭᠬᠢᠷ ᠠᠷᠢᠯᠬᠤ ᠠᠴᠠ ᠡᠮᠦᠨᠡᠬᠢ ᠠᠳᠠᠯᠢ ᠨᠠᠰᠤᠨ ᠤ ᠡᠮᠡᠭᠲᠡᠶᠢᠴᠦᠳ ᠠᠴᠠ ᠬᠠᠷᠢᠴᠠᠩᠭᠤᠢ ᠪᠠᠷ ᠥᠨᠳᠥᠷ | ᠪᠠᠶᠢᠳᠠᠭ᠃ ᠡᠷ᠎ᠡ ᠬᠤᠷᠮᠣᠨ ᠨᠢ ᠰᠢᠭᠡᠰᠦᠨ ᠬᠦᠴᠢᠯ ᠤᠨ ᠪᠥᠭᠡᠷ᠎ᠡ ᠶᠢᠨ ᠵᠢᠵᠢᠭ ᠴᠣᠷᠭᠤ ᠪᠠᠷ ᠭᠠᠳᠠᠭᠰᠢᠯᠠᠬᠤ ᠶᠢ | ᠪᠠᠭᠠᠰᠬᠠᠳᠠᠭ ᠪᠣᠯᠬᠤᠷ ᠡᠷᠡᠭᠲᠡᠶᠢᠴᠦᠳ ᠤᠨ ᠴᠢᠰᠤᠨ ᠡᠭᠡᠳᠡᠩ ᠳᠣᠲᠣᠷᠠᠬᠢ ᠰᠢᠭᠡᠰᠦᠨ ᠬᠦᠴᠢᠯ ᠤᠨ ᠬᠡᠮᠵᠢᠶ᠎ᠡ ᠨᠢ | ᠰᠠᠷ᠎ᠠ ᠶᠢᠨ ᠭᠬᠢᠷ ᠠᠷᠢᠯᠬᠤ ᠠᠴᠠ ᠡᠮᠦᠨᠡᠬᠢ ᠠᠳᠠᠯᠢ ᠨᠠᠰᠤᠨ ᠤ ᠡᠮᠡᠭᠲᠡᠶᠢᠴᠦᠳ ᠤᠨ ᠬᠢ ᠠᠴᠠ ᠬᠠᠷᠢᠴᠠᠩᠭᠤᠢ ᠪᠠᠷ | ᠥᠨᠳᠥᠷ ᠪᠠᠶᠢᠳᠠᠭ᠃ | ᠭᠡᠪᠡᠴᠦ᠂ ᠰᠠᠷ᠎ᠠ ᠶᠢᠨ ᠭᠬᠢᠷ ᠠᠷᠢᠯᠤᠭᠰᠠᠨ ᠤ ᠳᠠᠷᠠᠭ᠎ᠠ ᠡᠮ᠎ᠡ ᠬᠤᠷᠮᠣᠨ ᠤ ᠬᠡᠮᠵᠢᠶ᠎ᠡ ᠪᠠᠭᠠᠰᠴᠤ᠂ ᠲᠥᠮᠥᠰᠥᠨ | ᠺᠧᠲ᠋ᠣᠨ ᠤ ᠬᠡᠮᠵᠢᠶ᠎ᠡ ᠳᠡᠭᠡᠭᠰᠢᠯᠡᠬᠦ ᠶᠢ ᠳᠠᠭᠠᠯᠳᠤᠨ᠂ ᠪᠡᠶ᠎ᠡ ᠶᠢᠨ ᠳᠣᠲᠣᠭᠠᠳᠤ ᠶᠢᠨ ᠰᠢᠭᠡᠰᠦᠨ ᠬᠦᠴᠢᠯ ᠤᠨ ᠬᠡᠮᠵᠢᠶ᠎ᠡ | ᠴᠦ ᠬᠠᠷᠢᠴᠠᠩᠭᠤᠢ ᠪᠠᠷ ᠳᠡᠭᠡᠭᠰᠢᠯᠡᠳᠡᠭ ᠢ ᠠᠩᠬᠠᠷᠬᠤ ᠬᠡᠷᠡᠭᠲᠡᠢ᠃ ᠠᠮᠧᠷᠢᠺᠠ ᠶᠢᠨ ᠥᠩᠭᠡᠷᠡᠭᠰᠡᠨ ᠤ ᠨᠢᠭᠡᠨ | ᠰᠤᠳᠤᠯᠭᠠᠨ ᠠᠴᠠ᠂ 50 ᠨᠠᠰᠤ ᠣᠷᠴᠢᠮ ᠤᠨ ᠡᠮᠡᠭᠲᠡᠶᠢᠴᠦᠳ ᠤᠨ ᠴᠢᠰᠤᠨ ᠳᠠᠬᠢ ᠰᠢᠭᠡᠰᠦᠨ ᠬᠦᠴᠢᠯ ᠤᠨ ᠬᠡᠮᠵᠢᠶ᠎ᠡ | ᠠᠭᠠᠵᠢᠮ ᠢᠶᠠᠷ ᠳᠡᠭᠡᠭᠰᠢᠯᠡᠳᠡᠭ ᠢ ᠣᠯᠵᠤ ᠮᠡᠳᠡᠪᠡ᠃ ᠡᠶᠢᠮᠦ ᠠᠴᠠ ᠰᠠᠷ᠎ᠠ ᠶᠢᠨ ᠭᠬᠢᠷ ᠠᠷᠢᠯᠤᠭᠰᠠᠨ ᠡᠮᠡᠭᠲᠡᠶᠢᠴᠦᠳ ᠴᠤ | ᠲᠤᠯᠠᠢ ᠡᠪᠡᠳᠴᠢᠨ ᠣᠯᠬᠤ ᠲᠦᠭᠰᠢᠭᠦᠷᠢ ᠶᠢ ᠠᠩᠬᠠᠷᠬᠤ ᠬᠡᠷᠡᠭᠲᠡᠢ᠃ |