ᠬᠡᠯᠡ ᠬᠠᠭᠠᠷᠠᠬᠤ ᠨᠢ ᠡᠪᠡᠳᠴᠢᠨ ᠣᠯᠣᠭᠰᠠᠨ ᠤ ᠰᠢᠨᠵᠢ ᠲᠡᠮᠳᠡᠭ ᠤᠤ︖ ᠦᠨᠡᠨ ᠳᠡᠭᠡᠨ ᠪᠣᠯ ᠁
ᠨᠡᠶᠢᠲᠡᠯᠡᠭᠰᠡᠨ ᠴᠠᠭ᠄
2024/7/11
     ᠬᠡᠯᠡ ᠬᠠᠭᠠᠷᠠᠬᠤ ᠪᠣᠯ ᠨᠢᠭᠡ ᠵᠦᠢᠯ ᠤᠨ ᠬᠡᠪ ᠤᠨ ᠪᠤᠰᠤ ᠪᠤᠶᠢᠵᠢᠯᠲᠠ ᠶᠢᠨ ᠢᠯᠡᠷᠡᠯ ᠪᠤᠯᠬᠤ ᠪᠥᠭᠡᠳ ᠡᠪᠡᠳᠴᠢᠯᠡᠬᠦ ᠨᠣᠷᠮ᠎ᠠ ᠨᠢ ᠪᠠᠷᠤᠭ 8.8 % ᠪᠣᠯᠣᠨ᠎ᠠ᠃ ᠵᠠᠷᠢᠮ ᠬᠥᠮᠥᠨ ᠡᠨᠡ ᠬᠦ ᠡᠪᠡᠳᠴᠢᠨ ᠤ ᠰᠢᠯᠲᠠᠭᠠᠨ ᠶᠢ ᠲᠥᠷᠥᠯᠬᠢ ᠬᠡᠯᠨ ᠶᠢᠨ ᠪᠤᠶᠢᠵᠢᠯᠲᠠ ᠨᠢ ᠬᠡᠪ ᠤᠨ ᠪᠤᠰᠤ ᠠᠴᠠ ᠪᠣᠯᠵᠠᠢ ᠭᠡᠵᠦ ᠦᠵᠡᠵᠦ ᠪᠤᠢ᠂ ᠵᠠᠷᠢᠮ ᠬᠥᠮᠥᠨ ᠪᠠᠰᠠ ᠤᠳᠤᠮᠯᠠᠯ ᠤᠨ ᠡᠯᠧᠮᠧᠨ᠋ᠲ ᠪᠠ ᠣᠷᠴᠢᠨ ᠲᠣᠭᠤᠷᠢᠨ ᠤ ᠡᠯᠧᠮᠧᠨ᠋ᠲ ᠤᠨ ᠬᠠᠮᠲᠤ ᠶᠢᠨ ᠦᠢᠯᠡᠳᠦᠯ ᠤᠨ ᠦᠷ᠎ᠡ ᠳ᠋ᠦᠩ ᠭᠡᠵᠦ ᠦᠵᠡᠵᠦ ᠪᠤᠢ᠂ ᠪᠠᠰᠠ ᠵᠠᠷᠢᠮ ᠬᠥᠮᠥᠨ ᠲᠥᠷᠥᠯᠬᠢ ᠪᠤᠰᠤ ᠡᠯᠧᠮᠧᠨ᠋ᠲ᠂ ᠵᠢᠱᠢᠶᠡᠯᠡᠪᠡᠯ ᠭᠠᠵᠠᠷ ᠵᠦᠢ ᠶᠢᠨ ᠣᠷᠴᠢᠨ ᠲᠣᠭᠤᠷᠢᠨ᠂ ᠢᠳᠡᠭᠡᠨ ᠤᠮᠳᠠᠭᠠᠨ ᠤ ᠰᠢᠮ᠎ᠡ ᠲᠡᠵᠢᠭᠡᠯ᠂ ᠳᠣᠲᠣᠭᠠᠳᠤ ᠱᠦᠭᠦᠷᠡᠯ ᠤᠨ ᠠᠵᠢᠯᠯᠠᠭ᠎ᠠ ᠶᠢᠨ ᠰᠠᠮᠠᠭᠤᠷᠠᠯ ᠵᠡᠷᠭᠡ ᠲᠥᠷᠥᠯᠬᠢ ᠪᠤᠰᠤ ᠡᠯᠧᠮᠧᠨ᠋ᠲ ᠠᠴᠠ ᠪᠣᠯᠵᠠᠢ ᠭᠡᠵᠦ ᠦᠵᠡᠵᠦ ᠪᠤᠢ᠃ ᠰᠤᠳᠤᠯᠭᠠᠲᠠᠳ ᠬᠡᠯᠡ ᠬᠠᠭᠠᠷᠠᠬᠤ ᠨᠢ ᠵᠠᠷᠢᠮ ᠸᠢᠲ᠋ᠠᠮᠢᠨ ᠳᠤᠲᠠᠭᠳᠠᠭᠰᠠᠨ ︵ᠪᠥᠭᠡᠮ ᠤᠨ ᠰᠢᠷ᠎ᠠ ᠡᠳ᠋᠂ ᠵᠡᠰ︶ ᠪᠠ ᠵᠠᠷᠢᠮ ᠢᠳᠡᠭᠡᠨ ᠢ ᠢᠳᠡᠭᠰᠡᠨ ︵ᠭᠤᠱᠤᠭᠤᠨ᠂ ᠲᠣᠰᠣᠯᠢᠭ᠂ ᠬᠡᠲᠦᠷᠬᠡᠢ ᠬᠠᠲᠠᠭᠤ︶ ᠵᠢᠴᠢ ᠵᠠᠷᠢᠮ ᠡᠪᠡᠳᠴᠢᠨ ᠡᠮᠭᠡᠭ ︵ᠮᠥᠩᠭᠦᠨ ᠦᠷᠦᠪᠳᠡᠰᠦ ᠶᠢᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ︶ ᠣᠯᠣᠭᠰᠠᠨ ᠵᠡᠷᠭᠡ ᠲᠠᠢ ᠬᠤᠯᠪᠣᠭ᠎ᠠ ᠲᠠᠢ ᠭᠡᠵᠦ ᠦᠵᠡᠵᠦ ᠪᠤᠢ᠃             ᠵᠠᠷᠢᠮ ᠰᠤᠳᠤᠯᠭᠠᠨ ᠳᠤ᠂ ᠬᠡᠯᠨ ᠬᠠᠭᠠᠷᠠᠬᠤ ᠡᠪᠡᠳᠴᠢᠨ ᠣᠯᠬᠤ ᠨᠣᠷᠮ᠎ᠠ ᠨᠢ ᠨᠠᠰᠤ ᠨᠡᠮᠡᠭᠳᠡᠬᠦ ᠶᠢ ᠳᠠᠭᠠᠯᠳᠤᠨ ᠨᠡᠮᠡᠭᠳᠡᠵᠦ ᠪᠠᠶᠢᠨ᠎ᠠ᠃ ᠬᠡᠳᠦᠶᠢᠪᠡᠷ ᠲᠣᠮᠣ ᠬᠥᠮᠥᠨ ᠤ ᠬᠡᠯᠡ ᠬᠠᠭᠠᠷᠠᠬᠤ ᠨᠢ ᠬᠡᠦᠬᠡᠳ ᠠᠴᠠ ᠣᠯᠠᠨ ᠭᠠᠷᠭᠠᠳᠠᠭ ᠪᠣᠯᠪᠠᠴᠤ ᠬᠡᠯᠡ ᠬᠠᠭᠠᠷᠠᠬᠤ ᠨᠢ ᠳᠠᠩ ᠣᠪᠣᠭᠲᠤ ᠶᠢᠨ ᠶᠡᠷᠦᠩᠬᠡᠶᠢᠯᠡᠭᠰᠡᠨ ᠭᠡᠮ ᠣᠯᠣᠭᠰᠠᠨ ᠬᠡᠦᠬᠡᠳ ᠲᠤ ᠦᠷᠭᠦᠯᠵᠢ ᠲᠣᠬᠢᠶᠠᠯᠳᠤᠳᠠᠭ ᠨᠢᠭᠡᠨ ᠢᠯᠡᠷᠡᠯ ᠪᠣᠯᠣᠨ᠎ᠠ ᠭᠡᠵᠦ ᠲᠣᠳᠣᠷᠬᠠᠶᠢᠯᠠᠵᠠᠢ᠃             ᠡᠪᠡᠳᠴᠢᠨ ᠤ ᠢᠯᠡᠷᠡᠯ ᠰᠢᠨᠵᠢ ᠦᠭᠡᠢ ᠣᠯᠠᠩᠬᠢ ᠡᠪᠡᠳᠴᠢᠲᠡᠨ ᠤ ᠬᠠᠭᠠᠷᠬᠠᠢ ᠬᠡᠯᠡ ᠶᠢ ᠶᠡᠷᠦ ᠨᠢ ᠣᠨᠴᠠᠭᠠᠶ ᠡᠮᠴᠢᠯᠡᠭᠡ ᠬᠢᠬᠦ ᠴᠢᠬᠤᠯᠠ ᠦᠭᠡᠢ᠂ ᠡᠪᠡᠳᠴᠢᠲᠡᠨ ᠵᠢᠴᠢ ᠭᠡᠷ ᠤᠨ ᠠᠬᠠᠮᠠᠳ ᠨᠠᠷ ᠬᠡᠲᠦᠷᠬᠡᠢ ᠠᠶᠤᠵᠤ ᠰᠠᠨᠳᠤᠷᠬᠤ ᠬᠡᠷᠡᠭ ᠦᠭᠡᠢ᠃             ᠬᠡᠯᠡ ᠨᠢ ᠨᠡᠯᠢᠶᠡᠳ ᠭᠦᠨ ᠬᠠᠭᠠᠷᠠᠭᠰᠠᠨ ᠪᠣᠯ ᠬᠠᠭᠠᠷᠬᠠᠢ ᠪᠠᠷ ᠨᠢ ᠢᠳᠡᠭᠡᠨ ᠤ ᠦᠯᠡᠳᠡᠭᠳᠡᠯ ᠣᠷᠣᠬᠤ ᠮᠠᠭᠠᠳ ᠦᠭᠡᠢ᠂ ᠡᠨᠡ ᠨᠢ ᠪᠠᠺᠲ᠋ᠧᠷᠢ ᠶᠢᠨ ᠬᠠᠯᠳᠠᠪᠤᠷᠢᠯᠠᠯ ᠪᠤᠶᠤ ᠵᠢᠩᠬᠢᠨᠢ ᠮᠥᠭᠦ ᠶᠢᠨ ᠬᠠᠯᠳᠠᠪᠤᠷᠢᠯᠠᠯ ᠢ ᠡᠭᠦᠰᠬᠡᠬᠦ ᠶᠢᠨ ᠤᠯᠠᠮ ᠢᠶᠠᠷ ᠬᠡᠯᠡᠨ ᠤ ᠦᠷᠪᠢᠰᠦᠯ ᠪᠤᠶᠤ ᠠᠮᠠᠨ ᠤ ᠦᠮᠡᠬᠡᠶᠢᠷᠡᠯ ᠢ ᠡᠭᠦᠰᠬᠡᠵᠦ ᠮᠡᠳᠡᠨ᠎ᠡ᠂ ᠡᠶᠢᠮᠦ ᠠᠴᠠ ᠬᠡᠯᠡ ᠬᠠᠭᠠᠷᠠᠬᠤ ᠡᠪᠡᠳᠴᠢᠨ ᠣᠯᠣᠭᠰᠠᠨ ᠡᠪᠡᠳᠴᠢᠲᠡᠨ ᠡᠳᠦᠷ ᠪᠦᠷᠢ ᠰᠢᠳᠦ ᠪᠠᠨ ᠱᠤᠸᠠᠰᠠᠳᠠᠬᠤ ᠦᠶ᠎ᠡ ᠳᠤ ᠬᠡᠯᠡᠨ ᠤ ᠠᠷᠢᠭᠤᠨ ᠴᠡᠪᠡᠷ ᠢᠶᠠᠨ ᠠᠩᠬᠠᠷᠬᠤ ᠬᠡᠷᠡᠭᠲᠡᠢ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号