ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ | ᠶᠠᠮᠤᠨ ᠤ ︽2024 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠲᠤ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ | ᠳᠠᠩᠰᠠᠯᠠᠭᠤᠯᠤᠭᠠᠳ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︽2024 ᠣᠨ ᠳᠤ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ | ᠲᠤᠬᠠᠢ ᠮᠡᠳᠡᠭᠳᠡᠯ︾ ᠢ ᠨᠡᠶᠢᠲᠡᠯᠡᠪᠡ᠃ | ᠤᠯᠤᠰ ᠠᠴᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠨᠡᠮᠡᠭᠳᠡᠯ᠂ ᠪᠠᠷᠠᠭᠠᠨ ᠤ ᠦᠨ᠎ᠡ ᠶᠢᠨ | ᠥᠰᠦᠯᠲᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠷᠠᠭᠠᠯᠵᠠᠯ ᠤᠨ ᠲᠦᠪᠰᠢᠨ ᠢ ᠴᠠᠭ ᠲᠤᠨᠢ ᠲᠣᠬᠢᠷᠠᠭᠤᠯᠤᠨ | ᠳᠡᠭᠡᠭᠰᠢᠯᠡᠭᠦᠯᠦᠨ᠎ᠡ᠃ 2024 ᠣᠨ ᠤ ᠪᠥᠬᠦ ᠤᠯᠤᠰ ᠤᠨ ᠲᠣᠬᠢᠷᠠᠭᠤᠯᠤᠯᠲᠠ ᠬᠢᠬᠦ ᠬᠠᠷᠢᠴᠠᠯ ᠢ 2023 ᠣᠨ ᠤ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠰᠠᠷ᠎ᠠ ᠶᠢᠨ ᠬᠥᠮᠥᠨ ᠳᠤᠮᠳᠠᠴᠢ ᠶᠢᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ 3.0 % ᠢᠶᠠᠷ ᠲᠣᠭᠲᠠᠭᠠᠪᠠ᠂ ᠡᠨᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠲᠠᠢ ᠵᠣᠬᠢᠴᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠶᠢ ᠠᠵᠤ ᠠᠬᠤᠢ ᠪᠠ | ᠡᠳ᠋ ᠤᠨ ᠬᠦᠴᠦᠨ ᠤ ᠦᠷᠭᠦᠯᠵᠢᠯᠡᠬᠦ ᠨᠡᠮᠡᠭᠳᠡᠯ ᠤᠨ ᠰᠠᠭᠤᠷᠢᠨ ᠳᠡᠭᠡᠷ᠎ᠡ ᠪᠠᠶᠢᠭᠤᠯᠬᠤ ᠱᠠᠭᠠᠷᠳᠠᠯᠭ᠎ᠠ ᠶᠢ ᠢᠯᠡᠷᠡᠭᠦᠯᠪᠡ᠃ | 3.0 % ᠪᠣᠯ ᠳᠤᠮᠳᠠᠴᠢ ᠨᠡᠮᠡᠭᠳᠡᠯ ᠤᠨ ᠬᠡᠮᠵᠢᠶ᠎ᠡ ᠪᠣᠯᠣᠨ᠎ᠠ᠂ ᠬᠠᠷᠢᠨ ᠠᠵᠢᠯ ᠠᠴᠠ ᠪᠠᠨ ᠪᠠᠭᠤᠵᠤ ᠠᠮᠠᠷᠠᠭᠰᠠᠳ | ᠨᠢᠭᠡᠪᠦᠷᠢ ᠳᠤ ᠴᠥᠮ 3.0 % ᠢᠶᠠᠷ ᠲᠣᠬᠢᠷᠠᠭᠤᠯᠤᠯᠲᠠ ᠬᠢᠨ᠎ᠡ ᠭᠡᠰᠡᠨ ᠲᠥᠬᠦᠮ ᠶᠠᠪᠤᠳᠠᠯ ᠪᠢᠰᠢ ᠶᠤᠮ᠂ | ᠪᠣᠳᠠᠲᠠᠢ ᠪᠠᠷ ᠬᠡᠯᠡᠪᠡᠯ ᠬᠥᠮᠥᠨ ᠨᠢᠭᠡᠪᠦᠷᠢ ᠳᠤ ᠲᠣᠬᠢᠷᠠᠭᠤᠯᠤᠯᠲᠠ ᠬᠢᠬᠦ ᠪᠠᠷᠢᠮᠵᠢᠶ᠎ᠠ ᠨᠢ ᠬᠤᠪᠢ ᠬᠥᠮᠥᠨ ᠤ | ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠪᠰᠢᠨ᠂ ᠣᠨ ᠵᠢᠯ | ᠵᠡᠷᠭᠡ ᠪᠠᠶᠢᠳᠠᠯ ᠲᠠᠢ ᠬᠤᠯᠪᠣᠭ᠎ᠠ ᠲᠠᠢ ᠶᠤᠮ᠃ ᠲᠣᠬᠢᠷᠠᠭᠤᠯᠤᠯᠲᠠ ᠬᠢᠵᠦ ᠨᠡᠮᠡᠭᠰᠡᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠣᠯᠣᠨ᠎ᠠ᠃ | |