ᠰᠦ ᠲᠠᠢ ᠴᠠᠢ ᠶᠢ 2 ᠴᠠᠭ ᠤᠨ ᠳᠣᠲᠣᠷ᠎ᠠ ᠤᠤᠭᠤᠵᠤ ᠪᠠᠷᠠᠪᠠᠯ ᠬᠠᠮᠤᠭ ᠰᠠᠶᠢᠨ︕
ᠨᠡᠶᠢᠲᠡᠯᠡᠭᠰᠡᠨ ᠴᠠᠭ᠄
2024/7/11
     ᠰᠦ ᠲᠠᠢ ᠴᠠᠢ ᠨᠢ ᠠᠮᠢᠳᠤᠷᠠᠯ ᠳᠤᠮᠳᠠ ᠣᠯᠠᠨ ᠤ ᠳᠤᠷ᠎ᠠ ᠪᠠᠬ᠎ᠠ ᠶᠢ ᠲᠠᠲᠠᠭᠰᠠᠨ ᠤᠮᠳᠠᠭᠠᠨ ᠪᠤᠯᠬᠤ ᠪᠥᠭᠡᠳ ᠠᠮᠲᠠ ᠨᠢ ᠰᠠᠶᠢᠬᠠᠨ ᠮᠥᠷᠲᠡᠭᠡᠨ ᠬᠥᠮᠥᠨ ᠤ ᠰᠡᠳᠬᠢᠯ ᠰᠠᠨᠠᠭ᠎ᠠ ᠶᠢ ᠠᠭᠤᠵᠢᠷᠠᠭᠤᠯᠳᠠᠭ᠃              ᠲᠡᠭᠡᠪᠡᠯ ᠰᠦ ᠲᠠᠢ ᠴᠠᠢ ᠶᠢ ᠵᠠᠪᠠᠯ ᠬᠤᠶᠠᠷ ᠴᠠᠭ ᠤᠨ ᠳᠣᠲᠣᠷ᠎ᠠ ᠤᠤᠭᠤᠵᠤ ᠪᠠᠷᠠᠬᠤ ᠴᠢᠬᠤᠯᠠᠲᠠᠢ ᠦᠦ︖ ᠰᠦ ᠲᠠᠢ ᠴᠠᠢ ᠶᠢ ᠶᠡᠷᠦ ᠳᠡᠭᠡᠨ ᠴᠠᠢ᠂ ᠦᠨᠢᠶᠡᠨ ᠰᠦ ᠪᠠᠷ ᠬᠢᠳᠡᠭ᠂ ᠠᠮᠲᠠ ᠶᠢ ᠨᠢ ᠲᠣᠬᠢᠷᠠᠭᠤᠯᠬᠤ ᠶᠢᠨ ᠲᠤᠰᠠᠳᠠ ᠪᠠᠰᠠ ᠰᠢᠬᠢᠷ᠂ ᠵᠥᠭᠡᠬᠡᠢ᠂ ᠪᠢᠰᠢᠯᠠᠭ᠂ ᠵᠢᠮᠢᠰ᠂ ᠰᠦ ᠶᠢᠨ ᠣᠬᠢ ᠵᠡᠷᠭᠡ ᠶᠢ ᠨᠡᠮᠡᠵᠦ᠂ ᠠᠮᠲᠠ ᠶᠢ ᠨᠢ ᠨᠠᠩ ᠣᠯᠠᠨ ᠵᠦᠢᠯ ᠤᠨ ᠪᠣᠯᠭᠠᠳᠠᠭ᠃ ᠨᠢᠭᠡ ᠴᠣᠮᠣ ᠰᠦ ᠲᠠᠢ ᠴᠠᠢ ᠶᠢ ᠬᠡᠳᠦᠢ ᠴᠠᠭ ᠤᠨ ᠳᠣᠲᠣᠷ᠎ᠠ ᠤᠤᠭᠤᠵᠤ ᠪᠠᠷᠠᠬᠤ ᠴᠢᠬᠤᠯᠠᠲᠠᠢ ᠪᠣᠢ︖ ᠠᠮᠤᠷ ᠲᠦᠪᠰᠢᠨ ᠪᠠ ᠠᠮᠲᠠ ᠶᠢᠨ ᠮᠡᠳᠡᠷᠡᠮᠵᠢ ᠠᠴᠠ ᠠᠪᠴᠤ ᠬᠡᠯᠡᠪᠡᠯ᠂ 2 ᠴᠠᠭ ᠤᠨ ᠳᠣᠲᠣᠷ᠎ᠠ ᠪᠣᠯ ᠨᠡᠯᠢᠶᠡᠳ ᠰᠠᠶᠢᠨ ᠰᠣᠩᠭᠤᠯᠲᠠ ᠪᠣᠯᠣᠨ᠎ᠠ᠃ ᠬᠡᠷᠪᠡ ᠰᠦ ᠲᠠᠢ ᠴᠠᠢ ᠶᠢ ᠬᠡᠲᠦ ᠤᠳᠠᠭᠠᠨ ᠲᠠᠯᠪᠢᠪᠠᠯ᠂ ᠡᠯ᠎ᠡ ᠵᠦᠢᠯ ᠤᠨ ᠪᠠᠺᠲ᠋ᠧᠷᠢ ᠶᠢᠨ ᠮᠢᠺᠷᠣᠪ ᠴᠥᠮ ᠶᠡᠭᠡ ᠬᠡᠮᠵᠢᠶ᠎ᠡ ᠪᠠᠷ ᠦᠷᠡᠵᠢᠨ ᠲᠥᠯᠵᠢᠬᠦ ᠶᠢᠨ ᠤᠯᠠᠮ ᠢᠶᠠᠷ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠪᠣᠶ ᠪᠣᠯᠭᠠᠳᠠᠭ᠃             ᠴᠠᠭ ᠬᠤᠭᠤᠴᠠᠭ᠎ᠠ ᠥᠩᠭᠡᠷᠡᠬᠦ ᠶᠢ ᠳᠠᠭᠠᠯᠳᠤᠨ᠂ ᠡᠩ ᠲᠡᠷᠢᠭᠦᠨ ᠳᠤ ᠰᠦ ᠲᠠᠢ ᠴᠠᠢ ᠶᠢᠨ ᠳᠣᠲᠣᠷᠠᠬᠢ ᠪᠦᠷᠢᠯᠳᠦᠭᠦᠨ ᠳᠤ ᠬᠤᠪᠢᠷᠠᠯᠲᠠ ᠭᠠᠷᠴᠤ᠂ ᠦᠨᠦᠷ ᠠᠮᠲᠠ ᠨᠢ ᠴᠦ ᠠᠭᠠᠵᠢᠮ ᠢᠶᠠᠷ ᠠᠯᠳᠠᠭᠳᠠᠳᠠᠭ᠃ ᠳᠠᠷᠠᠭ᠎ᠠ ᠨᠢ᠂ ᠴᠠᠭ ᠬᠤᠭᠤᠴᠠᠭ᠎ᠠ ᠥᠩᠭᠡᠷᠡᠬᠦ ᠶᠢ ᠳᠠᠭᠠᠯᠳᠤᠨ᠂ ᠭᠠᠳᠠᠨ᠎ᠠ ᠤᠳᠠᠭᠠᠨ ᠲᠠᠯᠪᠢᠭᠰᠠᠨ ᠰᠦ ᠲᠠᠢ ᠴᠠᠢ   ᠨᠢ ᠬᠦᠷᠦᠳᠡᠭ ᠪᠠᠶᠢᠨ᠎ᠠ᠃             ᠡᠶᠢᠮᠦ ᠠᠴᠠ᠂ ᠠᠮᠲᠠ ᠶᠢ ᠨᠢ ᠪᠠᠲᠤᠯᠠᠬᠤ ᠶᠢᠨ ᠲᠤᠰᠠᠳᠠ᠂ ᠴᠢᠳᠠᠬᠤ ᠶᠢᠨ ᠳᠣᠲᠣᠷ᠎ᠠ ᠬᠤᠷᠳᠤᠨ ᠤᠤᠭᠤᠵᠤ ᠪᠠᠷᠠᠪᠠᠯ ᠵᠣᠬᠢᠨ᠎ᠠ᠃ ᠬᠠᠮᠤᠭ ᠰᠡᠭᠦᠯ ᠳᠤᠨᠢ᠂ ᠰᠦ ᠲᠠᠢ ᠴᠠᠢ ᠠᠮᠲᠠᠲᠠᠢ ᠪᠣᠯᠪᠠᠴᠤ ᠲᠡᠭᠦᠨ ᠳᠤ ᠬᠤᠪᠳᠣᠭᠯᠠᠵᠤ ᠪᠣᠯᠬᠤ ᠦᠭᠡᠢ᠂ ᠲᠡᠷᠡ ᠨᠢ ᠶᠠᠭᠠᠬᠢᠯ᠎ᠠ ᠴᠤ ᠭᠡᠰᠡᠨ ᠰᠢᠬᠢᠷ ᠶᠡᠬᠡᠲᠡᠢ ᠲᠣᠰᠣ ᠶᠡᠬᠡᠲᠡᠢ ᠢᠳᠡᠭᠡᠨ ᠶᠤᠮ︕
 
ᠢᠷᠡᠯᠲᠡ᠄ ᠬᠦᠯᠦᠨ ᠪᠤᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号