ᠭᠤᠷᠤᠬᠠᠨ ᠪᠠᠯᠭᠠᠰᠤ ᠮᠣᠷᠢᠨ ᠨᠢᠷᠤᠭᠤᠨ ᠳᠡᠭᠡᠷ᠎ᠡ ᠭᠤᠣᠯ ᠴᠠᠭᠳᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/11
      ᠬᠠᠷᠢᠶᠠᠲᠤ ᠣᠷᠣᠨ ᠤ ᠳᠣᠲᠣᠷᠠᠬᠢ ᠭᠤᠣᠯ ᠨᠠᠭᠤᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠴᠠᠭᠳᠠᠬᠤ ᠠᠵᠢᠯ ᠤᠨ ᠵᠢᠷᠤᠮᠵᠢᠭᠤᠯᠤᠯᠲᠠ᠂ ᠪᠠᠶᠢᠩᠭᠤᠵᠢᠭᠤᠯᠤᠯᠲᠠ ᠶᠢ ᠠᠬᠢᠭᠤᠯᠤᠨ᠂ ᠭᠤᠣᠯ ᠨᠠᠭᠤᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠭᠤᠷᠤᠬᠠᠨ ᠪᠠᠯᠭᠠᠰᠤ ᠬᠢᠭᠡᠳ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠨᠢ ︽ᠭᠤᠣᠯ ᠨᠠᠭᠤᠷ ᠤᠨ ᠳᠠᠷᠤᠭ᠎ᠠ ᠶᠢᠨ ᠳᠦᠷᠢᠮ︾ ᠢᠶᠠᠷ ᠲᠦᠰᠢᠭ ᠪᠣᠯᠭᠠᠵᠤ᠂ ᠲᠠᠯ᠎ᠠ ᠨᠤᠲᠤᠭ ᠤᠨ ᠮᠣᠷᠢᠨ ᠨᠢᠷᠤᠭᠤ ᠪᠠᠷ ᠠᠴᠢᠶ᠎ᠠ ᠪᠣᠯᠭᠠᠭᠰᠠᠨ᠂ ᠮᠠᠯᠵᠢᠬᠤ ᠣᠷᠣᠨ ᠤ ᠥᠪᠡᠷᠮᠢᠴᠡ ᠣᠨᠴᠠᠯᠢᠭ ᠲᠠᠢ ︽ᠮᠣᠷᠢᠨ ᠨᠢᠷᠤᠭᠤ ᠪᠠᠷ ᠭᠤᠣᠯ ᠴᠠᠭᠳᠠᠭᠴᠢ︾ ᠶᠢᠨ ᠭᠤᠣᠯ ᠴᠠᠭᠳᠠᠵᠤ ᠬᠠᠮᠠᠭᠠᠯᠠᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃
      ︽ᠮᠣᠷᠢᠨ ᠨᠢᠷᠤᠭᠤᠨ ᠳᠡᠭᠡᠷᠡᠬᠢ ᠭᠤᠣᠯ ᠴᠠᠭᠳᠠᠭᠴᠢ︾ ᠨᠢ ᠭᠤᠣᠯ ᠤᠨ ᠤᠷᠤᠰᠬᠠᠯ ᠤᠨ ᠠᠮᠤᠷ ᠲᠦᠪᠰᠢᠨ᠂ ᠭᠤᠣᠯ ᠤᠨ ᠡᠷᠬᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠭᠤᠣᠯ ᠤᠨ ᠤᠷᠤᠰᠬᠠᠯ ᠢ ᠬᠠᠷᠰᠢᠯᠠᠵᠤ ᠪᠠᠶᠢᠭ᠎ᠠ ᠭᠤᠣᠯ ᠤᠨ ᠬᠥᠪᠡᠭᠡᠨ ᠤ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠦᠶᠡᠷ ᠤᠨ ᠬᠤᠭᠤᠴᠠᠭᠠᠨ ᠤ ᠭᠤᠣᠯ ᠤᠨ ᠤᠷᠤᠰᠬᠠᠯ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠭᠠᠴᠠᠭᠠᠨ ᠤ ᠠᠵᠢᠯᠲᠠᠳ ᠬᠠᠷᠢᠶ᠎ᠠ ᠣᠷᠣᠨ ᠤ ᠪᠠᠨ ᠬᠡᠪᠴᠢᠶᠡᠨ ᠳᠤ ᠭᠤᠣᠯ ᠮᠥᠷᠡᠨ ᠨᠠᠭᠤᠷ ᠴᠥᠭᠦᠷᠥᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠥᠷᠨᠢᠭᠦᠯᠵᠦ᠂ ᠮᠠᠯᠴᠢᠨ ᠲᠦᠮᠡᠨ ᠳᠤ ᠦᠶᠡᠷ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠣᠯᠠᠨ ᠢᠶᠠᠷ ᠢᠶᠠᠨ ᠭᠤᠣᠯ ᠢ ᠬᠠᠮᠠᠭᠠᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠤᠷᠢᠶᠠᠯᠠᠪᠠ᠃
      ᠳᠠᠷᠠᠭᠠᠴᠢ ᠶᠢᠨ ᠠᠯᠬᠤᠮ ᠳᠤ᠂ ᠭᠤᠷᠤᠬᠠᠨ ᠪᠠᠯᠭᠠᠰᠤ ᠨᠢ ︽ᠭᠤᠣᠯ ᠤᠨ ᠳᠠᠷᠤᠭ᠎ᠠ ᠶᠢᠨ ᠳᠦᠷᠢᠮ︾ ᠢ ᠠᠬᠢᠭᠤᠯᠵᠤ᠂ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠶᠡᠷ ᠤᠨ ᠬᠤᠭᠤᠴᠠᠭᠠᠨ ᠤ ᠭᠤᠣᠯ ᠴᠠᠭᠳᠠᠬᠤ ᠤᠳᠠᠭ᠎ᠠ ᠶᠢ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠳᠠᠯᠠᠩ︾  ᠢ ᠪᠠᠬᠢᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠤᠨ ᠵᠠᠮ ᠤᠨ ᠵᠠᠰᠠᠯᠲᠠ ᠳᠤ ᠣᠷᠣᠯᠴᠠᠭᠤᠯᠵᠤ᠂ ᠠᠷᠢᠭᠤᠨ ᠴᠡᠪᠡᠷ᠂ ᠰᠠᠨᠠᠭ᠎ᠠ ᠠᠮᠤᠷ ᠭᠤᠣᠯ ᠤᠨ ᠵᠠᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦ ᠨᠡᠮᠡᠷᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂  ᠭᠤᠣᠯ ᠢ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠬᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号