ᠮᠣᠩᠭᠤᠯ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ᠂ | ᠮᠣᠩᠭᠤᠯ ᠠᠳᠤᠭᠤᠨ ᠤ ᠲᠡᠵᠢᠭᠡᠪᠦᠷᠢ ᠶᠢᠨ ᠲᠣᠭᠠᠴᠢᠯᠠᠭᠰᠠᠨ ᠣᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠵᠢᠴᠢ | ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ | ᠪᠠᠶᠠᠨᠬᠤᠸᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ ᠠᠴᠠ ᠲᠤᠰᠬᠠᠢ | ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠮᠣᠩᠭᠤᠯ ᠠᠳᠤᠭᠤᠨ ᠤ ᠲᠣᠭᠠᠴᠢᠯᠠᠭᠰᠠᠨ ᠬᠠᠮᠢᠶᠠᠷᠤᠯᠲᠠ ᠶᠢᠨ | ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠪᠡ᠃ | | ᠲᠤᠰᠬᠠᠢ ᠮᠡᠷᠭᠡᠵᠢᠯ ᠤᠨ ᠠᠵᠢᠯᠲᠠᠳ ᠭᠤᠣᠯᠳᠠᠭᠤ ᠮᠣᠩᠭᠤᠯ ᠮᠣᠷᠢᠨ ᠤ ᠨᠠᠰᠤ ᠵᠢᠯ᠂ ᠥᠩᠭᠡ ᠵᠢᠰᠦᠨ ᠤ | ᠣᠨᠴᠠᠯᠢᠭ᠂ ᠢᠮ ᠲᠠᠮᠠᠭ᠎ᠠ᠂ ᠪᠡᠶ᠎ᠡ ᠶᠢᠨ ᠣᠷᠳᠣ᠂ ᠪᠡᠶ᠎ᠡ ᠶᠢᠨ ᠥᠨᠳᠥᠷ᠂ ᠴᠡᠭᠡᠵᠢᠨ ᠤ ᠪᠦᠰᠡᠯᠡᠭᠦᠷ ᠂ ᠪᠡᠶ᠎ᠡ ᠶᠢᠨ | ᠬᠦᠨᠳᠦ ᠵᠡᠷᠭᠡ ᠡᠯ᠎ᠡ ᠲᠠᠯ᠎ᠠ ᠳᠤ ᠮᠣᠩᠭᠤᠯ ᠮᠣᠷᠢᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ | ᠲᠣᠭᠲᠠᠭᠠᠬᠤ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠬᠦ ᠶᠢᠨ ᠬᠠᠮᠲᠤ ᠴᠠᠬᠢᠮ ᠳᠤ ᠤᠷᠤᠭᠤᠯᠵᠦ ᠴᠠᠭ | ᠲᠤᠬᠠᠢ ᠳᠤᠨᠢ ᠳᠡᠩᠰᠡᠯᠡᠨ ᠳᠡᠮᠳᠡᠭᠯᠡᠪᠡ᠃ ᠣᠲᠣ ᠮᠠᠨ ᠤ ᠪᠠᠯᠭᠠᠰᠤᠨ ᠤ ᠬᠠᠷᠢᠶᠠᠨ ᠳᠠᠬᠢ 10 ᠮᠣᠩᠭᠤᠯ ᠮᠣᠷᠢᠨ ᠤ | ᠭᠤᠣᠯ ᠰᠦᠷᠦᠭ ᠤᠨ 468 ᠭᠠᠷᠤᠢ ᠮᠣᠷᠢ ᠶᠢ ᠴᠥᠮ ᠴᠠᠬᠢᠮ ᠳᠤ ᠤᠷᠤᠭᠤᠯᠵᠦ᠂ ᠮᠣᠷᠢᠨ ᠤ ᠮᠡᠳᠡᠭᠡ ᠵᠠᠩᠭᠢ ᠶᠢ | ᠴᠤᠭᠯᠠᠭᠤᠯᠬᠤ ᠠᠵᠢᠯ ᠢ ᠬᠢᠵᠦ ᠳᠠᠭᠤᠰᠬᠠᠵᠠᠢ᠃ | ᠡᠨᠡ ᠬᠦ ᠠᠵᠢᠯ ᠨᠢ ᠮᠠᠯᠴᠢᠳ ᠲᠤ ᠲᠥᠬᠦᠮ ᠬᠠᠮᠢᠶᠠᠷᠤᠯᠲᠠ᠂ ᠬᠢᠨᠠᠨ ᠬᠡᠮᠵᠢᠯᠲᠡ ᠶᠢᠨ ᠠᠷᠭ᠎ᠠ ᠪᠠᠷᠢᠯ | ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠮᠣᠩᠭᠤᠯ ᠠᠳᠤᠭᠤᠨ ᠤ ᠬᠠᠮᠠᠭᠠᠯᠠᠯᠲᠠ ᠶᠢᠨ ᠠᠵᠢᠯ ᠳᠤ ᠨᠠᠩ | ᠣᠨᠣᠪᠴᠢᠲᠠᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ | ᠪᠠ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠮᠣᠩᠭᠤᠯ ᠠᠳᠤᠭᠤᠨ ᠤ ᠲᠥᠷᠥᠯ ᠤᠨ ᠰᠦᠷᠦᠭ ᠤᠨ ᠡᠷᠡᠭᠦᠯ | ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ |