ᠡᠮᠴᠢ᠄ ᠬᠡᠭᠡᠷ᠎ᠡ ᠶᠢᠨ ᠨᠣᠭᠤᠭ᠎ᠠ ᠢᠳᠡᠬᠦ ᠨᠢ ᠠᠶᠤᠯ ᠲᠠᠢ᠂ ᠲᠠᠨᠢᠬᠤ ᠦᠭᠡᠢ ᠨᠣᠭᠤᠭ᠎ᠠ ᠶᠢ ᠪᠤᠤ ᠲᠡᠭᠦᠭᠡᠷᠡᠢ
ᠨᠡᠶᠢᠲᠡᠯᠡᠭᠰᠡᠨ ᠴᠠᠭ᠄
2024/7/12
    ᠡᠮᠴᠢ ᠬᠡᠯᠡᠬᠦ ᠳᠡᠭᠡᠨ᠂ ᠬᠡᠭᠡᠷ᠎ᠡ ᠶᠢᠨ ᠨᠣᠭᠤᠭ᠎ᠠ ᠨᠢ ᠠᠮᠲᠠ ᠪᠠᠷ ᠭᠠᠰᠢᠭᠤᠨ ᠪᠣᠯᠬᠤᠷ ᠠᠷᠠᠳ ᠤᠨ ᠳᠤᠮᠳᠠ ᠶᠡᠷᠦ ᠎ ᠨᠢ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ᠂ ᠴᠢᠰᠤᠨ ᠳᠠᠷᠤᠯᠲᠠ ᠶᠢ ᠪᠠᠭᠤᠷᠠᠭᠤᠯᠬᠤ᠂ ᠬᠠᠯᠠᠭᠤᠨ ᠢ ᠳᠠᠷᠤᠬᠤ ᠦᠢᠯᠡᠳᠦᠯ ᠲᠠᠢ ᠭᠡᠵᠦ ᠬᠡᠯᠡᠳᠡᠭ᠃ ᠭᠡᠪᠡᠴᠦ ᠪᠡᠶ᠎ᠡ ᠮᠠᠬᠠᠪᠤᠳ ᠠᠳᠠᠯᠢ ᠪᠤᠰᠤ ᠠᠴᠠ ᠪᠣᠯᠵᠤ ᠬᠡᠭᠡᠷ᠎ᠡ ᠶᠢᠨ ᠨᠣᠭᠤᠭ᠎ᠠ ᠢᠳᠡᠪᠡᠯ ᠡᠪᠡᠳᠴᠢᠨ ᠡᠭᠦᠰᠬᠡᠵᠦ ᠮᠡᠳᠡᠨ᠎ᠡ᠂ ᠠᠷᠠᠳ ᠢᠷᠭᠡᠳ ᠬᠡᠭᠡᠷ᠎ᠡ ᠶᠢᠨ ᠨᠣᠭᠤᠭ᠎ᠠ ᠲᠡᠭᠦᠬᠦ ᠳᠡᠭᠡᠨ ᠪᠣᠯᠭᠤᠮᠵᠢᠲᠠᠢ ᠪᠠᠶᠢᠬᠤ ᠬᠡᠷᠡᠭᠲᠡᠢ᠂ ᠲᠠᠨᠢᠬᠤ ᠦᠭᠡᠢ ᠨᠣᠭᠤᠭ᠎ᠠ ᠶᠢ ᠪᠤᠤ ᠲᠡᠭᠦᠭᠡᠷᠡᠢ᠃ ︽ᠲᠠᠨᠢᠯ ᠪᠤᠰᠤ ᠬᠡᠭᠡᠷ᠎ᠡ ᠶᠢᠨ ᠨᠣᠭᠤᠭ᠎ᠠ ᠶᠢ ᠢᠳᠡᠪᠡᠯ ᠠᠮᠠᠷᠬᠠᠨ ᠬᠤᠣᠷᠳᠠᠭᠳᠠᠨ᠎ᠠ᠂ ᠤᠴᠢᠷ ᠨᠢ ᠬᠡᠭᠡᠷ᠎ᠡ ᠶᠢᠨ ᠨᠣᠭᠤᠭ᠎ᠠ ᠳᠣᠲᠣᠷ᠎ᠠ ᠶᠡᠷᠦ ᠳᠡᠭᠡᠨ ᠬᠤᠣᠷᠲᠤ ᠠᠮᠢᠳᠤ ᠪᠣᠳᠠᠰ ᠤᠨ ᠱᠦᠯᠲᠦ ᠠᠭᠤᠯᠵᠦ ᠪᠠᠶᠢᠳᠠᠭ︾᠃             ᠦᠨᠦᠷᠲᠦ ᠨᠢᠴᠦᠭᠦᠨ ᠬᠤᠪᠣᠯᠣ ᠶᠢ ᠰᠠᠶᠢᠲᠤᠷ ᠰᠢᠢᠳᠪᠦᠷᠢᠯᠡᠬᠦ ᠦᠭᠡᠢ ᠪᠣᠯ ᠪᠠᠰᠠ ᠬᠤᠣᠷᠳᠠᠭᠳᠠᠳᠠᠭ᠃ ︽ᠲᠡᠭᠦᠨ ᠳᠤ ᠳᠤᠲᠠᠭᠤ ᠠᠽᠣᠲ ᠬᠦᠴᠢᠯ ᠤᠨ ᠳᠠᠪᠤᠰᠤ ᠠᠭᠤᠯᠤᠭᠳᠠᠵᠤ ᠪᠠᠶᠢᠳᠠᠭ ᠪᠣᠯᠬᠤᠷ ᠬᠡᠷᠪᠡ ᠤᠰᠤᠨ ᠳᠤ ᠪᠤᠴᠠᠯᠭᠠᠬᠤ ᠦᠭᠡᠢ ᠪᠠᠷ ᠬᠡᠲᠦᠷᠡᠲᠡᠯ᠎ᠡ ᠢᠳᠡᠪᠡᠯ ᠳᠤᠲᠠᠭᠤ ᠠᠽᠣᠲ ᠬᠦᠴᠢᠯ ᠤᠨ ᠳᠠᠪᠤᠰᠤᠨ ᠳᠤ ᠠᠮᠠᠷᠬᠠᠨ ᠬᠤᠣᠷᠳᠠᠭᠳᠠᠨ᠎ᠠ︾᠃             ᠣᠶᠢᠮ᠎ᠠ ᠨᠣᠭᠤᠭ᠎ᠠ ᠶᠢᠨ ᠳᠣᠲᠣᠷ᠎ᠠ ︽ᠠᠩᠬᠠᠨ ᠤ ᠣᠶᠢᠮ᠎ᠠ ᠶᠢᠨ ᠭᠯᠢᠺᠣᠰᠢᠳ᠋︾᠎ ᠤᠨ ᠪᠣᠳᠠᠰ ᠠᠭᠤᠯᠤᠭᠳᠠᠵᠤ ᠪᠠᠶᠢᠳᠠᠭ᠂ ᠡᠨᠡ ᠨᠢ ᠥᠮᠡᠨ ᠡᠭᠦᠰᠬᠡᠬᠦ ᠪᠣᠳᠠᠰ ᠪᠣᠯᠬᠤ ᠲᠤᠯᠠ ᠠᠷᠪᠢᠨ ᠢᠳᠡᠪᠡᠯ ᠥᠮᠡᠨ ᠡᠭᠦᠰᠬᠡᠬᠦ ᠠᠶᠤᠯ ᠲᠠᠢ᠃ ᠡᠶᠢᠮᠦ ᠠᠴᠠ ᠬᠡᠭᠡᠷ᠎ᠡ ᠶᠢᠨ ᠨᠣᠭᠤᠭ᠎ᠠ ᠶᠢ ᠵᠣᠬᠢᠰᠲᠠᠢ ᠢᠳᠡᠬᠦ ᠬᠡᠷᠡᠭᠲᠡᠢ᠂ ᠠᠷᠪᠢᠨ ᠢᠳᠡᠵᠦ ᠪᠣᠯᠬᠤ ᠦᠭᠡᠢ᠂ ᠴᠢᠳᠠᠬᠤ ᠶᠢᠨ ᠳᠣᠲᠣᠷ᠎ᠠ ᠢᠳᠡᠬᠦ ᠦᠭᠡᠢ ᠪᠣᠯ ᠰᠠᠶᠢᠨ᠃           ᠬᠡᠷᠪᠡ ᠬᠡᠭᠡᠷ᠎ᠡ ᠶᠢᠨ ᠨᠣᠭᠤᠭ᠎ᠠ ᠢᠳᠡᠭᠡᠳ ᠳᠤᠷ᠎ᠠ ᠪᠣᠯᠭᠢᠵᠤ ᠡᠪ ᠦᠭᠡᠶᠢᠷᠡᠬᠦ ᠪᠠᠶᠢᠳᠠᠯ ᠭᠠᠷᠪᠠᠯ ᠡᠷᠲᠡᠬᠡᠨ ᠡᠮᠨᠡᠭᠦᠯᠵᠦ᠂ ᠬᠦᠨᠳᠦ ᠨᠣᠴᠢᠲᠠᠢ ᠮᠠᠭᠤ ᠤᠷᠰᠢᠭ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠪᠡ᠃  
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号