ᠮᠣᠩᠭᠤᠯ ᠦᠨᠳᠦᠰᠦᠲᠡᠨ ᠤ ᠴᠤᠭᠤᠷ ᠤᠷᠠᠯᠢᠭ ᠲᠤ ᠮᠣᠷᠢᠨ ᠬᠤᠭᠤᠷ ᠨᠢ ᠬᠥᠭᠵᠢᠮᠳᠡᠭᠦᠷ ᠤᠨ ᠴᠤᠭᠤᠷ ᠤᠨ | ᠣᠷᠭᠢᠯ ᠪᠣᠯᠵᠤ᠂ ᠢᠯᠠᠩᠭᠤᠶ᠎ᠠ ᠰ᠊᠂ ᠷᠠᠰᠢ᠂ ᠰᠠᠩᠳᠦ᠋ᠭᠦᠷᠡᠩ᠂ ᠴᠢ · ᠪᠤᠯᠠᠭ᠂ ᠪᠦᠷᠢᠨᠪᠠᠶᠠᠷ ᠪᠠ ᠳ᠋ᠠᠷᠮ᠎ᠠ ᠵᠡᠷᠭᠡ | ᠠᠯᠢ ᠣᠯᠠᠨ ᠰᠢᠯᠭᠠᠷᠠᠭᠰᠠᠨ ᠤᠷᠠᠯᠢᠭᠴᠢᠳ ᠤᠨ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠪᠠᠷ ᠳᠡᠮᠵᠢᠨ᠂ ᠡᠨᠡ ᠬᠦ | ᠬᠥᠭᠵᠢᠮᠳᠡᠭᠦᠷ ᠨᠢ ᠥᠷᠭᠡᠨ ᠳᠡᠯᠭᠡᠷ ᠲᠦᠭᠡᠮᠡᠯᠵᠢᠵᠦ᠂ ᠳᠡᠯᠡᠬᠡᠢ ᠶᠢᠨ ᠳᠠᠭᠤᠤ ᠬᠥᠭᠵᠢᠮ ᠤᠨ ᠤᠷᠠᠯᠢᠭ ᠤᠨ ᠤᠢ | ᠳᠣᠲᠣᠷᠠᠬᠢ ᠦᠨᠡᠲᠦ ᠡᠷᠳᠡᠨᠢ ᠪᠣᠯᠤᠭᠰᠠᠨ ᠪᠠᠶᠢᠨ᠎ᠠ᠃ ᠭᠡᠪᠡᠴᠦ ᠮᠣᠷᠢᠨ ᠬᠤᠭᠤᠷ ᠤᠨ ᠡᠭᠦᠰᠦᠯ ᠤᠨ ᠲᠤᠬᠠᠢ | ᠡᠷᠳᠡᠮ ᠰᠢᠨᠵᠢᠯᠡᠭᠡᠨ ᠤ ᠬᠢᠨ ᠶᠡᠷᠦᠨᠢ ᠨᠤᠲᠠᠯᠠᠯ ᠬᠢᠭᠡᠳᠦᠢ᠃ | ᠲᠠᠯ᠎ᠠ ᠨᠤᠲᠤᠭ ᠲᠤ ᠨᠢᠭᠡ ᠡᠷᠲᠡᠨ ᠤ ᠤᠯᠠᠮᠵᠢᠯᠠᠯ ᠶᠠᠷᠢᠶ᠎ᠠ ᠪᠠᠶᠢᠳᠠᠭ᠂ ᠬᠥᠮᠥᠰ ᠠᠶᠢᠷᠠᠭ ᠤᠨ ᠰᠢᠨᠠᠭ᠎ᠠ ᠶᠢ | ᠦᠬᠡᠷ ᠤᠨᠠᠷᠠᠰᠤ ᠪᠠᠷ ᠪᠦᠷᠢᠵᠦ᠂ ᠮᠣᠷᠢᠨ ᠰᠡᠬᠦᠯ ᠤᠨ ᠬᠢᠯᠭᠠᠰᠤ ᠪᠠᠷ ᠬᠤᠶᠠᠷ ᠬᠥᠪᠴᠢ ᠲᠠᠲᠠᠵᠤ ᠬᠥᠭᠵᠢᠮᠳᠡᠭᠦᠷ | ᠪᠣᠯᠭᠠᠨ ᠬᠥᠭᠵᠢᠮᠳᠡᠳᠡᠭ ᠢ ︽ᠰᠢᠨᠠᠭᠠᠨ ᠬᠤᠭᠤᠷ︾ ᠬᠡᠮᠡᠳᠡᠭ ᠪᠠᠶᠢᠪᠠ᠃ ᠮᠣᠷᠢᠨ ᠬᠤᠭᠤᠷ ᠪᠣᠯ 19 ᠳ᠋ᠦ᠋ᠭᠡᠷ | ᠵᠠᠭᠤᠨ ᠤ ᠰᠡᠭᠦᠯᠴᠢ ᠪᠠᠷ ᠰᠢᠨ᠎ᠡ ᠪᠠᠷ ᠮᠠᠨᠳᠤᠭᠰᠠᠨ ᠬᠥᠭᠵᠢᠮ ᠪᠣᠯᠣᠨ᠎ᠠ᠃ ᠲᠡᠭᠦᠨ ᠤ ᠪᠣᠢ ᠪᠣᠯᠤᠭᠰᠠᠨ ᠨᠢ ᠮᠥᠨ | ᠴᠦ ᠤᠷᠳᠤ ᠤᠳᠠᠭᠠᠨ ᠬᠥᠭᠵᠢᠯᠲᠡ ᠶᠢ ᠥᠩᠭᠡᠷᠡᠭᠡᠭᠰᠡᠨ ᠪᠥᠭᠡᠳ ᠡᠨᠡ ᠬᠦ ᠶᠠᠪᠤᠴᠠ ᠳᠠᠭᠠᠨ ᠤᠯᠠᠨ ᠡᠰᠢᠲᠦ | ᠰᠣᠶᠣᠯ ᠤᠨ ᠬᠦᠴᠦᠨ ᠵᠦᠢᠯ ᠤᠨ ᠨᠥᠯᠥᠭᠡ ᠶᠢ ᠣᠯᠣᠭᠰᠠᠨ ᠪᠠᠶᠢᠯ᠎ᠠ᠂ ᠡᠭᠦᠨ ᠳᠤ ᠡᠶᠢᠮᠦ ᠬᠡᠳᠦᠨ ᠵᠦᠢᠯ ᠤᠨ | ᠬᠡᠯᠡᠯᠭᠡ ᠪᠠᠶᠢᠨ᠎ᠠ᠃ ᠶᠠᠭᠤᠨ ᠤ ᠤᠷᠢᠳ ᠪᠠᠷᠠᠭᠤᠨ ᠠᠹᠷᠢᠺᠠ ᠶᠢᠨ ᠣᠷᠣᠨ ᠤ RITI ᠬᠥᠭᠵᠢᠮ ᠪᠣᠯᠣᠨ᠎ᠠ᠃ ᠡᠨᠡ | ᠬᠥᠭᠵᠢᠮᠳᠡᠭᠦᠷ ᠨᠢ ᠪᠠᠷᠠᠭᠤᠨ ᠠᠹᠷᠢᠺᠠ ᠶᠢᠨ ᠭᠠᠷᠠᠮ ᠤᠨ ᠬᠤᠲᠠ ᠳ᠋ᠠᠷᠺᠧᠯ ᠠᠴᠠ ᠢᠷᠡᠯ ᠲᠠᠢ᠂ ᠮᠣᠷᠢᠨ ᠰᠡᠭᠦᠯ | ᠤᠨ ᠬᠢᠯᠭᠠᠰᠤ ᠪᠠᠷ ᠬᠢᠭᠰᠡᠨ ᠭᠠᠭᠴᠠ ᠬᠥᠪᠴᠢ ᠲᠠᠢ᠂ ᠮᠣᠷᠢᠨ ᠰᠡᠭᠦᠯᠲᠦ ᠶᠠᠲᠤᠭ᠎ᠠ ᠶᠢᠨ ᠨᠤᠮᠤ ᠲᠠᠢ᠂ ᠶᠠᠲᠤᠭ᠎ᠠ | ᠶᠢᠨ ᠬᠠᠶᠢᠷᠴᠠᠭ ᠢ ᠠᠪᠤᠷᠭᠤ ᠮᠣᠭᠠᠢ ᠶᠢᠨ ᠠᠷᠠᠰᠤ ᠪᠠᠷ ᠪᠦᠷᠢᠵᠡᠢ᠃ ᠳᠠᠷᠠᠭᠠᠯᠠᠪᠠᠯ ᠠᠹᠷᠢᠺᠠ ᠲᠢᠪ ᠤᠨ | ᠡᠸ᠋ᠽᠢᠣᠪᠢᠶ᠎ᠡ ᠶᠢᠨ Masenqo ᠳᠤ ᠡᠨᠡ ᠬᠦ ᠬᠥᠭᠵᠢᠮᠳᠡᠭᠦᠷ ᠤᠨ ᠬᠠᠶᠢᠷᠴᠠᠭ ᠨᠢ ᠳᠥᠷᠪᠡᠯᠵᠢᠨ ᠬᠡᠯᠪᠡᠷᠢ ᠲᠠᠢ | ᠪᠠᠶᠢᠵᠤ᠂ ᠨᠢᠭᠤᠷ ᠢ ᠨᠢ ᠦᠬᠡᠷ ᠤᠨ ᠠᠷᠠᠰᠤ ᠪᠠᠷ ᠪᠦᠷᠢᠵᠦ᠂ ᠭᠠᠭᠴᠠ ᠴᠢᠪᠬᠠᠳᠠᠰᠤᠲᠠᠢ᠂ ᠬᠡᠪ ᠨᠠᠮᠪᠠ ᠨᠢ ᠲᠥᠪᠯᠡᠭᠦᠨ | ᠮᠥᠷᠲᠡᠭᠡᠨ ᠪᠣᠷᠣᠭᠵᠢᠭᠤᠨ᠃ ᠲᠠᠬᠢᠭᠠᠳ ᠬᠡᠯᠡᠪᠡᠯ᠂ ᠣᠳᠣᠬᠠᠨ ᠳᠤ ᠡᠸᠦ᠋ᠷᠦᠫᠡ ᠲᠢᠪ ᠤᠨ ᠪᠠᠯᠺᠠᠨ ᠲᠠᠯ᠎ᠠ ᠨᠤᠲᠤᠭ | ᠲᠤ ᠮᠥᠨ ᠯᠡ ᠳᠡᠯᠭᠡᠷᠡᠵᠦ ᠪᠠᠶᠢᠭ᠎ᠠ ᠤᠯᠠᠮᠵᠢᠯᠠᠯᠲᠤ ᠭᠠᠭᠴᠠ ᠴᠢᠪᠬᠠᠳᠠᠰᠤᠲᠤ ᠬᠥᠭᠵᠢᠮᠳᠡᠭᠦᠷ Gusle | ︵ᠺᠷᠤᠲ᠋ᠢᠶ᠎ᠠ ᠬᠡᠯᠡ︶ ᠪᠣᠯᠣᠨ᠎ᠠ᠃ Gusle ᠶᠢ ᠶᠡᠷᠦ ᠳᠡᠭᠡᠨ ᠠᠷᠠᠳ ᠤᠨ ᠳᠠᠭᠤᠤ ᠪᠤᠶᠤ ᠲᠤᠤᠯᠢᠰ ᠬᠠᠪᠰᠤᠷᠤᠨ | ᠬᠥᠭᠵᠢᠮᠳᠡᠬᠦ ᠳᠤ ᠬᠡᠷᠡᠭᠯᠡᠳᠡᠭ᠃ ᠬᠥᠭᠵᠢᠮᠳᠡᠬᠦ ᠦᠶ᠎ᠡ ᠳᠤ᠂ ᠬᠥᠭᠵᠢᠮᠳᠡᠭᠦᠷ ᠢᠶᠠᠨ ᠬᠤᠶᠠᠷ ᠡᠪᠦᠳᠦᠭ ᠤᠨ ᠳᠤᠮᠳᠠ | ᠠᠰᠬᠠᠨ ᠬᠠᠪᠴᠢᠵᠤ᠂ ᠵᠡᠭᠦᠨ ᠭᠠᠷ ᠤᠨ ᠬᠤᠷᠤᠭᠤ ᠪᠠᠷ ᠢᠶᠠᠨ ᠴᠢᠪᠬᠠᠳᠠᠬᠤ ᠪᠣᠯᠪᠠᠴᠤ ᠶᠠᠲᠤᠭ᠎ᠠ ᠶᠢᠨ ᠬᠥᠪᠴᠢ ᠨᠢ | ᠶᠡᠷᠦ ᠠᠴᠠ ᠶᠠᠲᠤᠭ᠎ᠠ ᠶᠢᠨ ᠬᠦᠵᠦᠭᠦᠦ ᠲᠠᠢ ᠣᠶᠢᠷᠠᠳᠳᠠᠭ ᠦᠭᠡᠢ᠃ ᠳᠡᠭᠡᠷᠡᠬᠢ 3 ᠵᠦᠢᠯ ᠤᠨ ᠭᠠᠭᠴᠠ | ᠴᠢᠪᠬᠠᠳᠠᠰᠤᠲᠤ ᠬᠥᠭᠵᠢᠮᠳᠡᠭᠦᠷ ᠲᠠᠢ ᠬᠠᠮᠤᠭ ᠤᠨ ᠲᠥᠰᠥᠭᠡᠲᠡᠢ ᠬᠥᠭᠵᠢᠮᠳᠡᠭᠦᠷ ᠪᠣᠯ Suhun khuuur | (ᠰᠦᠬᠡᠨ ᠬᠤᠭᠤᠷ) ᠪᠣᠯᠣᠨ᠎ᠠ᠃ ᠡᠨᠡ ᠪᠣᠯ ᠮᠣᠩᠭᠤᠯ ᠦᠨᠳᠦᠰᠦᠲᠡᠨ ᠤ ᠡᠷᠲᠡᠨ ᠤ ᠭᠠᠭᠴᠠ ᠴᠢᠪᠬᠠᠳᠠᠰᠤᠲᠤ | ᠱᠦᠷᠭᠦᠭᠦᠯ ᠬᠥᠭᠵᠢᠮᠳᠡᠭᠦᠷ ᠪᠣᠯᠣᠨ᠎ᠠ᠃ ᠲᠡᠷᠡ ᠨᠢ ᠪᠤᠬ᠎ᠠ ᠶᠢᠨ ᠰᠦᠬᠡ ( ᠪᠤᠷᠢᠶᠠᠳ ᠨᠤᠲᠤᠭ ᠤᠨ ᠠᠶᠠᠯᠭᠤ᠂ | ᠳᠠᠪᠤᠰᠠᠩ ᠤᠨ ᠤᠭᠤᠲᠠ ᠭᠡᠰᠡᠨ ᠤᠳᠬ᠎ᠠ ᠲᠠᠢ) ᠪᠠᠷ ᠨᠢᠭᠤᠷ ᠢ ᠨᠢ ᠪᠦᠷᠢᠵᠦ᠂ ᠮᠣᠷᠢᠨ ᠰᠡᠭᠦᠯ ᠤᠨ ᠬᠢᠯᠭᠠᠰᠤ | ᠪᠠᠷ ᠶᠠᠲᠤᠭ᠎ᠠ ᠶᠢᠨ ᠬᠥᠪᠴᠢ ᠬᠢᠵᠦ᠂ ᠬᠥᠭᠵᠢᠮᠳᠡᠬᠦ ᠳᠡᠭᠡᠨ ᠭᠠᠵᠠᠷ ᠰᠠᠭᠤᠭ᠎ᠠ ᠬᠡᠯᠪᠡᠷᠢ ᠪᠠᠷ ᠬᠥᠪᠴᠢ ᠪᠠᠨ | ᠲᠠᠪᠤᠨ ᠬᠤᠷᠤᠭᠤ ᠪᠠᠷ ᠢᠶᠠᠨᠴᠢᠯᠦᠭᠡᠲᠡᠢ ᠳᠠᠷᠤᠳᠠᠭ᠃ ᠮᠣᠷᠢᠨ ᠬᠤᠭᠤᠷ ᠬᠥᠭᠵᠢᠯ ᠤᠨ | ᠲᠡᠦᠬᠡ ᠪᠠᠨ ᠪᠢᠴᠢᠭᠯᠡᠵᠦ᠂ ᠮᠣᠷᠢᠨ ᠬᠤᠭᠤᠷ ᠤᠨ ᠲᠠᠭᠤᠨ ᠲᠡᠦᠬᠡ ᠶᠢᠨ ᠣᠭᠲᠠᠷᠭᠤᠢ ᠶᠢᠨ ᠴᠡᠭᠡᠯ ᠳᠤ | ᠴᠤᠤᠷᠢᠶᠠᠲᠤᠵᠤ᠂ ᠳᠤᠷᠠᠰᠬᠤ ᠲᠤᠰᠤᠮ ᠬᠥᠮᠥᠰ ᠤᠨ ᠰᠣᠨᠢᠷᠬᠠᠯ ᠢ ᠲᠠᠲᠠᠮ᠎ᠠ ᠰᠠᠶᠢᠬᠠᠨ᠃ | |