ᠠᠩᠬᠠᠳᠣᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽99 ᠨᠤᠮᠧᠷᠳᠣ ᠠᠶᠠᠯᠠᠯ ᠤᠨ ᠱᠤᠭᠤᠮ︾ ᠨᠠᠷᠡᠮᠵᠢᠳᠣ ᠮᠠᠷᠡᠽᠤᠨ ᠤᠷᠤᠯᠳᠣᠭᠠᠨ ᠵᠢᠴᠢ ᠨᠠᠢᠮᠠᠳᠣᠭᠠᠷ ᠬᠤᠭᠤᠴᠠᠭᠠᠨ ᠤ ︽ᠲᠠᠯ᠎ᠠ ᠨᠤᠳᠤᠭ  ᠤᠨ ᠠᠪᠤᠷᠭᠤ︾ ᠰᠢᠯᠭᠠᠷᠠᠭᠤᠯᠬᠤ ᠤᠷᠤᠯᠳᠣᠭᠠᠨ ᠡᠬᠢᠯᠠᠯ᠎ᠠ
ᠨᠡᠶᠢᠲᠡᠯᠡᠭᠰᠡᠨ ᠴᠠᠭ᠄
2024/7/14
    7 ᠰᠠᠷ᠎ᠠ ᠶᠢᠨ 13  ᠤ ᠡᠳᠦᠷ᠂ ᠠᠩᠬᠠᠳᠣᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽99 ᠨᠤᠮᠧᠷᠳᠣ ᠠᠶᠠᠯᠠᠯ ᠤᠨ ᠱᠤᠭᠤᠮ︾ ᠨᠠᠷᠡᠮᠵᠢᠳᠣ ᠮᠠᠷᠡᠽᠤᠨ ᠤᠷᠤᠯᠳᠣᠭᠠᠨ ᠵᠢᠴᠢ ᠨᠠᠢᠮᠠᠳᠣᠭᠠᠷ ᠬᠤᠭᠤᠴᠠᠭᠠᠨ ᠤ ︽ᠲᠠᠯ᠎ᠠ ᠨᠤᠳᠤᠭ ᠤᠨ ᠠᠪᠤᠷᠭᠤ︾ ᠰᠢᠯᠭᠠᠷᠠᠭᠤᠯᠬᠤ ᠤᠷᠤᠯᠳᠣᠭᠠᠨ ᠤ ᠡᠬᠢᠯᠠᠯᠳᠠ ᠶᠢᠨ ᠶᠤᠰᠣᠯᠠᠯ ᠦᠪᠡᠳᠡᠭᠰᠢ ᠶᠠᠬᠡᠪᠡᠷ ᠶᠠᠪᠤᠭᠳᠠᠪᠠ᠃
    ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠬᠦᠷ ᠬᠥᠭᠵᠢᠶᠡᠨᠲᠡᠢ ᠠᠭᠤᠷ ᠠᠮᠢᠰᠬᠤᠯ ᠢᠶᠠᠷ ᠪᠢᠯᠬᠠᠵᠤ᠂ ᠤᠷᠠᠨ ᠰᠠᠶᠢᠬᠠᠨ ᠤ ᠲᠣᠭᠯᠠᠯᠲᠠ ᠪᠠᠨ ᠤᠯᠤᠰ ᠤᠨ ᠲᠤᠳᠣᠭᠠᠳᠣ ᠭᠠᠳᠠᠭᠠᠳᠣ ᠶᠢᠨ ᠬᠦᠮᠦᠰ ᠲᠤ ᠲᠤᠯᠢᠳᠠᠭᠤᠯᠤᠨ᠂ ᠪᠦᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠤᠷᠤᠯᠳᠤᠭᠠᠨ ᠳᠤ ᠣᠷᠣᠯᠴᠠᠭᠰᠠᠳ᠂ ᠬᠦᠨᠳᠦᠲᠦ ᠵᠣᠴᠢᠳ ᠵᠢᠴᠢ ᠬᠠᠯᠠᠭᠤᠨ ᠰᠡᠳᠬᠢᠯᠲᠦ ᠦᠵᠡᠭᠴᠢᠳ ᠴᠤᠭᠯᠠᠷᠠᠨ᠂ ᠤᠷᠤᠯᠳᠣᠭᠠᠨ ᠳᠤ ᠦᠩᠬᠡ ᠬᠦᠴᠦᠨ ᠨᠠᠮᠠᠷᠢᠯᠡᠭᠰᠠᠨ ᠪᠠᠶᠢᠨ᠎ᠠ᠃
    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠠᠩᠬᠠᠳᠣᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽99 ᠨᠤᠮᠧᠷᠳᠣ ᠠᠶᠠᠯᠠᠯ ᠤᠨ ᠱᠤᠭᠤᠮ︾ ᠨᠠᠷᠡᠮᠵᠢᠳᠣ ᠮᠠᠷᠡᠽᠤᠨ ᠤᠷᠤᠯᠳᠣᠭᠠᠨ ᠵᠢᠴᠢ ᠨᠠᠢᠮᠠᠳᠣᠭᠠᠷ ᠬᠤᠭᠤᠴᠠᠭᠠᠨ ᠤ ︽ᠲᠠᠯ᠎ᠠ ᠨᠤᠳᠤᠭ ᠤᠨ ᠠᠪᠤᠷᠭᠤ︾ ᠰᠢᠯᠭᠠᠷᠠᠭᠤᠯᠬᠤ ᠤᠷᠤᠯᠳᠣᠭᠠᠨ ᠡᠬᠢᠯᠡᠭᠰᠡᠨ ᠢ ᠵᠠᠷᠯᠠᠪᠠ᠃ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ᠂ ᠳᠡᠯᠡᠬᠡᠢ ᠶᠢᠨ ᠲᠡᠮᠳᠡᠭᠯᠡᠯ ᠢ ᠬᠠᠮᠠᠭᠠᠯᠠᠭᠴᠢ ᠸᠠᠩ ᠵᠢᠶᠦ᠋ᠨ ᠰᠢᠶᠠ᠂ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ᠂ ᠳᠤᠮᠳᠠᠳᠤ ᠤᠯᠤᠰ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠦᠢᠴᠡᠳᠬᠡᠬᠦ ᠵᠥᠪᠯᠡᠯ ᠤᠨ ᠭᠦᠢᠴᠡᠳᠬᠡᠬᠦ ᠭᠡᠰᠢᠭᠦᠨ ᠴᠧᠨ ᠳ᠋ᠢᠩ᠂ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠰᠣᠩᠭᠤᠨ ᠲᠣᠮᠢᠯᠠᠭᠰᠠᠨ ᠤᠷᠤᠯᠳᠤᠭᠠᠨ ᠤ ᠬᠢᠨᠠᠨ ᠵᠢᠯᠣᠭᠤᠳᠤᠭᠴᠢ ᠯᠢᠦ ᠰᠢᠶᠣᠣ ᠭᠤᠸᠠᠩ ᠵᠢᠴᠢ ᠪᠡᠭᠡᠵᠢᠩ ᠤᠨ ᠨᠥᠸᠧ ᠳ᠋ᠢ ᠸᠧᠢ ᠬᠠᠮᠢᠶᠠᠷᠤᠯᠲᠠ ᠶᠢᠨ ᠵᠥᠪᠯᠡᠭᠴᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠾᠧ ᠺᠦᠨ᠂ ᠬᠤᠰᠢᠭᠤ ᠤᠳᠤᠷᠢᠳᠤᠯᠭ᠎ᠠ ᠯᠢ ᠰᠢᠤᠸᠠᠢ ᠶᠢᠩ᠂ ᠲᠠᠢ ᠫᠢᠩ᠂ ᠤᠳᠬᠠᠨᠪᠠᠭᠠᠳᠣᠷ ᠡᠬᠢᠯᠡᠯᠲᠡ ᠶᠢᠨ ᠶᠣᠰᠣᠯᠠᠯ ᠳᠤ ᠤᠷᠤᠯᠴᠠᠵᠡᠢ᠃
   ᠦᠳᠡ ᠶᠢᠨ ᠡᠮᠦᠨᠡᠬᠢ 7 ᠴᠠᠭ ᠲᠤ  ᠂ ᠡᠬᠢᠯᠠᠯᠳᠠ ᠶᠢᠨ ᠳᠣᠬᠢᠶᠠᠨ ᠳᠠᠭᠤᠨ ᠢᠶᠠᠷ᠂ ᠠᠩᠬᠠᠳᠣᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽99 ᠨᠤᠮᠧᠷᠳᠣ ᠠᠶᠠᠯᠠᠯ ᠤᠨ ᠱᠤᠭᠤᠮ︾ ᠨᠠᠷᠡᠮᠵᠢᠳᠣ ᠮᠠᠷᠡᠽᠤᠨ ᠤᠷᠤᠯᠳᠣᠭᠠᠨ ᠵᠢᠩᠬᠢᠨᠢ ᠪᠠᠷ  ᠡᠬᠢᠯᠠᠵᠡᠢ  ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠦᠢᠯᠠᠰ ᠰᠣᠶᠤᠯ ᠵᠢᠭᠤᠯᠴᠢᠯᠠᠯ ᠤᠨ ᠭᠦᠭᠵᠢᠬᠦᠯᠤᠯᠳᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠪᠡᠭᠡᠵᠢᠩ ᠤᠨ ᠨᠥᠸᠧ ᠳ᠋ᠢ ᠸᠧᠢ ᠬᠠᠮᠢᠶᠠᠷᠤᠯᠲᠠ ᠶᠢᠨ ᠵᠥᠪᠯᠡᠭᠴᠢ ᠶᠢᠨ ᠬᠢᠵᠠᠭᠠᠷᠲᠤ ᠺᠣᠮᠫᠠᠨᠢ  ᠭᠦᠢᠴᠠᠳᠬᠡᠨ ᠡᠷᠬᠢᠯᠠᠵᠡᠢ  ᠃ 24 ᠤᠯᠤᠰ ᠤᠷᠤᠨ ᠵᠢᠴᠢ ᠤᠯᠤᠰ ᠤᠨ ᠳᠣᠲᠣᠭᠠᠳᠤ ᠶᠢᠨ 28 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ  ᠶᠢᠨ 2000 ᠭᠠᠷᠤᠢ ᠲᠠᠮᠢᠷᠴᠢᠨ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃
    ᠤᠷᠤᠯᠳᠤᠭᠠᠨ ᠨᠢ ᠬᠤᠶᠠᠷ ᠲᠦᠷᠦᠯ ᠤᠨ ᠶᠠᠪᠠᠭᠠᠨ ᠠᠯᠬᠤᠬᠤ ᠰᠢᠪᠳᠣᠯᠤᠯᠳᠠ ᠶᠢᠨ ᠤᠷᠤᠯᠳᠣᠭᠠᠨ᠂ ︽99 ᠨᠤᠮᠧᠷᠳᠣ ᠠᠶᠠᠯᠠᠯ ᠤᠨ ᠱᠤᠭᠤᠮ︾ ᠨᠠᠷᠡᠮᠵᠢᠳᠣ ᠮᠠᠷᠡᠽᠤᠨ ᠤᠷᠤᠯᠳᠣᠭᠠᠨ᠂ ᠳᠤᠭᠤᠢ ᠲᠡᠷᠭᠡᠨ ᠤ ᠥᠷᠢᠰᠦᠯᠳᠦᠭᠡᠨ ᠤ ᠤᠷᠤᠯᠳᠤᠭᠠᠨ᠂ ᠲᠠᠯ᠎ᠠ ᠨᠤᠲᠤᠭ ᠤᠨ ᠪᠢᠴᠢᠬᠠᠨ ᠠᠪᠤᠷᠭᠤ᠂ ᠰᠠᠭᠠᠳ ᠳᠠᠪᠠᠭ᠋ᠤ ᠤᠷᠤᠯᠳᠤᠭᠠᠨ ᠵᠡᠷᠭᠡ ᠤᠷᠤᠯᠳᠤᠭᠠᠨ ᠮᠦᠷᠦᠶᠢᠴᠠᠬᠡᠨ ᠢ ᠲᠤᠬᠢᠷᠠᠭᠤᠯᠤᠭᠰᠠᠨ ᠪᠠᠶᠢᠨ᠎ᠠ᠃     ᠲᠤᠰ ᠤᠳᠠᠭᠠᠨ ᠤ ᠤᠷᠤᠯᠳᠤᠭᠠᠨ ᠪᠣᠯ ᠳᠤᠮᠳᠠᠳᠤ ᠤᠯᠤᠰ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠵᠥᠪᠰᠢᠶᠡᠷᠡᠯ ᠢᠶᠠᠷ ᠲᠠᠯ᠎ᠠ ᠨᠤᠲᠤᠭ ᠲᠤ ᠶᠠᠪᠤᠭᠳᠠᠭᠰᠠᠨ ᠠᠩᠬᠠᠳᠤᠭᠠᠷ ᠬᠤᠭᠤᠴᠠᠭᠠᠨ ᠤ C ᠲᠥᠷᠥᠯ ᠤᠨ ᠮᠠᠷᠠᠽᠤᠨ ᠤᠷᠤᠯᠳᠤᠭᠠᠨ ᠪᠣᠯᠣᠨ᠎ᠠ᠂ ᠤᠷᠤᠯᠳᠤᠭᠠᠨ ᠨᠢ ᠥᠷᠭᠡᠨ ᠣᠯᠠᠨ ᠲᠠᠮᠢᠷᠴᠢᠳ ᠪᠠ ᠲᠠᠮᠢᠷ ᠤᠨ ᠳᠤᠷ᠎ᠠ ᠪᠠᠭ᠋ᠠᠲᠠᠢ ᠬᠥᠮᠥᠰ ᠲᠤ ᠰᠣᠯᠢᠯᠴᠠᠭ᠎ᠠ ᠪᠠ ᠤᠷᠤᠯᠳᠤᠭᠠᠨ ᠤ ᠲᠠᠪᠴᠠᠩ ᠬᠠᠩᠭᠠᠵᠤ᠂ ᠠᠷᠠᠳ ᠣᠯᠠᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ᠂ ᠡᠷᠡᠭᠦᠯ ᠮᠡᠨᠳᠦ ᠠᠮᠢᠳᠤᠷᠠᠯ ᠢ ᠬᠥᠭᠡᠭᠡᠴᠡᠯᠳᠦᠬᠦ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠡᠭᠦᠨ ᠤ ᠬᠠᠮᠲᠤ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ ᠲᠠᠮᠢᠷᠴᠢᠳ ᠪᠣᠯᠣᠨ ᠦᠵᠡᠭᠴᠢᠳ ᠤᠨ ᠠᠩᠬᠠᠷᠤᠯ ᠢ ᠲᠠᠲᠠᠵᠤ᠂ ᠪᠠᠷᠠᠭᠤᠨ ᠦᠵᠦᠮᠦᠴᠢᠨ ᠬᠤᠰᠢᠭᠤᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠳᠡᠯᠡᠬᠡᠢ ᠳ᠋ᠠᠬᠢᠨ ᠳᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠥᠩᠭᠡ ᠦᠵᠡᠮᠵᠢ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠳᠡᠯᠭᠡᠨ ᠦᠵᠡᠬᠦᠯᠦᠭᠰᠠᠨ ᠪᠠᠶᠢᠨ᠎ᠠ᠃     ᠥᠪᠥᠷ ᠮᠣᠩᠭᠤᠯ ᠤᠨ ᠷᠡᠳᠢᠤ᠋ ᠲᠧᠯᠸᠢᠰ ᠬᠤᠷᠢᠶ᠎ᠠ ᠠᠴᠠ ᠲᠤᠰ ᠤᠳᠠᠭᠠᠨ ᠤ ᠤᠷᠤᠯᠳᠤᠭᠠᠨ ᠤ ᠪᠦᠬᠦ ᠶᠠᠪᠤᠴᠠ ᠶᠢ  ᠰᠢᠭᠤᠳ ᠨᠡᠪᠲᠡᠷᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号