ᠠᠩᠬᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽99 ᠨᠣᠮᠧᠷᠲᠤ  ᠠᠶᠠᠯᠠᠯ ᠤᠨ ᠱᠤᠭᠤᠮ︾ ᠨᠡᠷᠡᠮᠵᠢᠲᠦ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ  ᠤᠨ ᠠᠪᠤᠷᠭᠤ︾ ᠰᠢᠯᠭᠠᠷᠠᠭᠤᠯᠬᠤ ᠤᠷᠤᠯᠳᠤᠭᠠᠨ ᠤ  ᠲᠤᠭᠤᠢ ᠤᠨᠤᠬᠤ ᠪᠠ ᠶᠠᠪᠠᠭᠠᠨ ᠠᠯᠬᠤᠬᠤ ᠬᠤᠶᠠᠷ ᠲᠦᠷᠦᠯ ᠤᠨ ᠰᠢᠪᠳᠤᠯᠤᠯᠲᠠ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/7/14
      7 ᠰᠠᠷ᠎ᠠ ᠶᠢᠨ 12 ᠤ ᠦᠳᠡ ᠶᠢᠨ ᠡᠮᠦᠨᠡᠬᠢ 10 ᠴᠠᠭ ᠲᠤ᠂ ᠠᠩᠬᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ︽99 ᠨᠣᠮᠧᠷᠲᠤ ᠠᠶᠠᠯᠠᠯ ᠤᠨ ᠱᠤᠭᠤᠮ︾ ᠨᠡᠷᠡᠮᠵᠢᠲᠦ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ︾ ᠰᠢᠯᠭᠠᠷᠠᠭᠤᠯᠬᠤ ᠤᠷᠤᠯᠳᠤᠭᠠᠨ ᠤ ᠲᠤᠭᠤᠢ ᠤᠨᠤᠬᠤ ᠪᠠ ᠶᠠᠪᠠᠭᠠᠨ ᠠᠯᠬᠤᠬᠤ ᠬᠤᠶᠠᠷ ᠲᠦᠷᠦᠯ ᠤᠨ ᠰᠢᠪᠳᠤᠯᠤᠯᠲᠠ ᠶᠢᠨ ᠤᠷᠤᠯᠳᠤᠭᠠᠨ ᠰᠤᠶᠤᠯ ᠤᠨ ᠠᠭᠤᠳᠠᠮ ᠲᠠᠯᠠᠪᠠᠢ ᠠᠴᠠ ᠡᠬᠢᠯᠡᠪᠡ᠃ ᠡᠨᠡ ᠵᠢᠯ ᠤᠨ ᠤᠷᠤᠯᠳᠤᠭᠠᠨ ᠤ ᠠᠭᠤᠯᠭ᠎ᠠ ᠨᠢ ᠥᠩᠭᠡᠷᠡᠭᠰᠡᠨ ᠵᠢᠯ ᠤᠳ ᠤᠨ  ᠬᠢ ᠠᠴᠠ ᠨᠠᠩ ᠪᠠᠶᠠᠯᠢᠭ ᠪᠠᠶᠢᠵᠤ᠂ ᠡᠩ ᠤᠨ ᠳᠤᠭᠤᠢ ᠲᠡᠷᠭᠡᠨ ᠤ ᠤᠷᠤᠯᠳᠤᠭᠠᠨ ᠠᠴᠠ ᠭᠠᠳᠠᠨ᠎ᠠ ᠪᠠᠰᠠ ᠭᠦᠶᠦᠯᠲᠡ ᠶᠢᠨ ᠵᠠᠮ ᠤᠨ ᠬᠡᠰᠡᠭ ᠢ ᠨᠡᠮᠡᠵᠦ᠂ ᠲᠠᠮᠢᠷᠴᠢᠳ ᠲᠤ ᠲᠠᠯ᠎ᠠ ᠨᠤᠲᠤᠭ ᠤᠨ ᠵᠢᠵᠢᠭ ᠬᠤᠲᠠ ᠶᠢᠨ  ᠦᠩᠭᠡ ᠦᠵᠡᠮᠵᠢ ᠶᠢ ᠬᠠᠷᠠᠭᠤᠯᠤᠭᠰᠠᠨ ᠪᠠᠶᠢᠨ᠎ᠠ᠃
    ᠥᠷᠯᠥᠭᠡ ᠡᠷᠲᠡ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 200 ᠭᠠᠷᠤᠢ ᠲᠠᠮᠢᠷᠴᠢᠳ ᠴᠤᠭᠯᠠᠷᠠᠨ ᠤᠷᠤᠯᠳᠤᠭᠠᠨ ᠠᠴᠠ ᠡᠮᠦᠨᠡᠬᠢ ᠪᠡᠯᠡᠳᠬᠡᠯ ᠢᠶᠠᠨ ᠬᠢᠵᠦ ᠶᠠᠭᠠᠷᠠᠯᠳᠤᠨ  ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠭᠡᠨ ᠲᠠᠢ ᠪᠠᠶᠢᠵᠤ᠂ ᠤᠷᠤᠯᠳᠤᠭᠠᠨ ᠡᠬᠢᠯᠡᠬᠦ ᠳᠣᠬᠢᠶᠠᠨ ᠳᠠᠭᠤᠨ ᠢᠶᠠᠷ ᠬᠤᠷᠳᠤ ᠰᠢᠯᠭᠠᠨ ᠮᠦᠷᠦᠶᠢᠴᠡᠵᠦ᠂ ᠦᠵᠦᠮᠦᠴᠢᠨ ᠨᠤᠳᠤᠭ ᠤᠨ ᠭᠤᠶᠢᠲᠠ ᠰᠠᠶᠢᠬᠠᠨ ᠪᠠᠶᠢᠭᠠᠯᠢ ᠠᠬᠤᠢ ᠶᠢ ᠰᠤᠨᠢᠷᠬᠠᠨ᠂ ᠬᠦᠴᠦ ᠤᠶᠤᠨ ᠢᠶᠠᠨ ᠰᠤᠷᠢᠯᠴᠠᠯ᠎ᠠ᠃
   ᠳᠤᠭᠤᠢ ᠲᠡᠷᠭᠡᠨ ᠤ ᠤᠷᠤᠯᠳᠤᠭᠠᠨ ᠤ ᠵᠠᠮ ᠲᠤᠷᠰᠢ᠂ ᠲᠠᠮᠢᠷᠴᠢᠳ ᠳᠤᠭᠤᠢ ᠪᠠᠨ ᠤᠨᠤᠵᠤ ᠴᠢᠯᠦᠭᠡᠲᠡᠢ ᠳᠠᠪᠬᠢᠭᠤᠯᠤᠨ᠂ ᠪᠡᠶ᠎ᠡ ᠲᠠᠮᠢᠷ ᠤᠨ ᠪᠠᠶᠠᠷ ᠪᠠᠭ᠋ᠠᠳᠤᠯ ᠢ ᠡᠳ᠋ᠯᠡᠨ  ᠤᠷᠤᠭᠰᠢᠯᠠᠬᠤ ᠳᠤ᠂ ᠬᠦᠶᠦᠯᠲᠡ ᠶᠢᠨ ᠵᠠᠮ ᠤᠨ ᠬᠡᠰᠡᠭ ᠲᠤ᠂ ᠠᠯᠬᠤᠮ ᠪᠦᠷᠢ ᠳᠤ ᠦᠵᠡᠮᠵᠢ  ᠰᠤᠨᠢᠷᠬᠠᠨ ᠪᠠᠭ᠋ᠠᠷᠬᠠᠵᠤ᠂ ᠬᠥᠮᠥᠨ ᠪᠣᠯᠭᠠᠨ ᠦᠵᠡᠰᠬᠦᠯᠡᠩᠲᠦ ᠰᠠᠶᠢᠬᠠᠨ ᠲᠠᠯ᠎ᠠ ᠨᠤᠳᠤᠭ ᠤᠨ ᠵᠢᠵᠢᠭ ᠬᠤᠲᠠ ᠪᠠᠷ ᠠᠶᠠᠯᠠᠨ᠂ ᠲᠠᠮᠢᠷᠴᠢᠳ ᠪᠣᠯᠣᠨ ᠮᠠᠨ ᠤ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ ᠬᠠᠷᠢᠯᠴᠠᠨ ᠠᠭᠤᠰᠤᠯᠴᠠᠵᠤ᠂ ᠥᠪᠡᠷᠮᠢᠴᠡ ᠣᠨᠴᠠᠯᠢᠭ ᠲᠠᠢ ᠦᠵᠡᠮᠵᠢ ᠶᠢᠨ ᠴᠡᠭ ᠪᠤᠯᠵᠤ ᠲᠤᠳᠤᠷᠠᠨ᠎ᠠ᠃ ᠡᠭᠦᠨ ᠤ ᠬᠠᠮᠲᠤ᠂ ᠤᠷᠤᠯᠳᠤᠭᠠᠨ ᠤ ᠵᠠᠮ ᠳᠠᠭᠠᠤ ᠤᠰᠤ ᠤᠮᠳᠠ ᠶᠢᠨ ᠥᠷᠲᠡᠭᠡ ᠲᠣᠬᠢᠷᠠᠭᠤᠯᠵᠤ᠂ ᠤᠷᠤᠯᠳᠤᠭᠠᠨ ᠳᠤ ᠣᠷᠣᠯᠴᠠᠭᠰᠠᠳ ᠲᠤ ᠤᠰᠤ  ᠤᠮᠳᠠ ᠶᠢᠨ ᠭᠦᠢᠴᠡᠳ ᠪᠠᠲᠤᠯᠠᠭ᠎ᠠ ᠬᠠᠩᠭᠠᠭᠰᠠᠨ ᠪᠠᠶᠢᠨ᠎ᠠ᠃
    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠦᠭᠵᠢᠬᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠵᠦ᠂ ᠪᠡᠭᠡᠵᠢᠩ ᠤᠨ ᠨᠦᠸᠧ ᠳ᠋ᠢ ᠸᠧᠢ ᠬᠠᠮᠢᠶᠠᠷᠤᠯᠲᠠ ᠶᠢᠨ ᠵᠦᠪᠯᠡᠬᠦ ᠬᠢᠵᠠᠭᠠᠷᠲᠤ ᠺᠣᠮᠫᠠᠨᠢ ᠠᠴᠠ ᠲᠠᠭᠠᠭᠠᠴᠢᠯᠠᠨ ᠶᠠᠪᠤᠭᠳᠠᠭᠤᠯᠵᠠᠢ᠃ᠬᠤᠷᠴᠠ ᠰᠢᠷᠦᠬᠦᠨ ᠦᠷᠢᠰᠦᠯᠳᠦᠬᠡᠨ ᠢᠶᠠᠷ ᠲᠠᠮᠵᠢᠨ᠂ ᠵᠠᠰᠠᠮᠠᠯ ᠵᠠᠮ ᠤᠨ ᠲᠤᠭᠤᠢ ᠲᠡᠷᠭᠡᠨ ᠤ ᠤᠷᠤᠯᠳᠤᠭᠠᠨ ᠤ ᠡᠷᠡᠭᠳᠠᠢ ᠶᠢᠨ ᠲᠤᠭᠤᠶᠢᠯᠠᠩ ᠳᠤ᠄ ᠲᠠᠮᠢᠷᠴᠢᠨ ᠵᠠᠩ ᠰᠢ ᠫᠧᠩ ᠮᠠᠩᠯᠠᠶᠢᠯᠠᠵᠤ᠂ ᠲᠠᠮᠢᠷᠴᠢᠨ ᠵᠧᠩ ᠴᠠᠩ ᠯᠧᠢ᠂ ᠲᠠᠮᠢᠷᠴᠢᠨ ᠯᠢ ᠺᠠᠢ ᠱᠠᠨ ᠲᠤᠰ ᠲᠤᠰ ᠬᠤᠶᠠᠳᠤᠭᠠᠷ ᠪᠠ ᠭᠤᠲᠠᠭᠠᠷ  ᠨᠡᠷ᠎ᠡ ᠳᠤ  ᠲᠤᠳᠤᠷᠠᠪᠠ᠃
    ᠬᠡᠭᠡᠷᠡᠯᠡᠨ ᠠᠶᠠᠯᠠᠬᠤ ᠲᠤᠭᠤᠢ ᠲᠡᠷᠭᠡᠨ ᠤ ᠤᠷᠤᠯᠳᠤᠭᠠᠨ ᠤ ᠡᠷᠡᠭᠳᠠᠢ ᠶᠢᠨ ᠲᠤᠭᠤᠶᠢᠯᠠᠩ ᠳᠤ᠂ ᠲᠠᠮᠢᠷᠴᠢᠨ ᠸᠠᠩ ᠯᠢ ᠳ᠋ᠦᠩ ᠮᠠᠩᠯᠠᠶᠢᠯᠠᠵᠤ᠂ ᠲᠠᠮᠢᠷᠴᠢᠨ ᠮᠥᠩᠬᠡᠨ᠋ᠦ᠋ᠯᠵᠡᠢ᠂ ᠲᠠᠮᠢᠷᠴᠢᠨ ᠸᠠᠩ ᠶᠥᠩ ᠫᠢᠩ ᠲᠤᠰ ᠲᠤᠰ   ᠬᠤᠶᠠᠳᠤᠭᠠᠷ ᠪᠠ ᠭᠤᠲᠠᠭᠠᠷ  ᠨᠡᠷ᠎ᠡ ᠳᠤ ᠲᠤᠳᠤᠷᠠᠵᠠᠢ᠃    ᠵᠠᠰᠠᠮᠠᠯ ᠵᠠᠮ ᠤᠨ ᠲᠤᠭᠤᠢ ᠲᠡᠷᠭᠡᠨ ᠤ ᠤᠷᠤᠯᠳᠤᠭᠠᠨ ᠤ ᠡᠮᠡᠭᠳᠠᠢ ᠶᠢᠨ ᠲᠤᠭᠤᠶᠢᠯᠠᠩ ᠳᠤ᠄ ᠲᠠᠮᠢᠷᠴᠢᠨ ᠴᠧᠨ ᠢ ᠰᠢᠤᠸᠠᠨ ᠮᠠᠩᠯᠠᠶᠢᠯᠠᠵᠤ᠂ ᠲᠠᠮᠢᠷᠴᠢᠨ ᠯᠦ ᠹᠠᠩ ᠹᠠᠩ᠂ ᠲᠠᠮᠢᠷᠴᠢᠨ ᠪᠠᠢ ᠮᠧᠩ ᠲᠤᠰ ᠲᠤᠰ ᠬᠤᠶᠠᠳᠤᠭᠠᠷ ᠪᠠ ᠭᠤᠲᠠᠭᠠᠷ  ᠨᠡᠷ᠎ᠡ ᠳᠤ ᠲᠤᠳᠤᠷᠠᠵᠠᠢ᠃ᠬᠡᠭᠡᠷᠡᠯᠡᠨ ᠠᠶᠠᠯᠠᠬᠤ ᠲᠤᠭᠤᠢ ᠲᠡᠷᠭᠡᠨ ᠤ ᠤᠷᠤᠯᠳᠤᠭᠠᠨ ᠤ ᠡᠮᠡᠭᠲᠡᠢ ᠶᠢᠨ ᠲᠤᠭᠤᠶᠢᠯᠠᠩ ᠳᠤ᠂ ᠲᠠᠮᠢᠷᠴᠢᠨ  ᠵᠠᠩ ᠶᠠᠨ ᠮᠠᠩᠯᠠᠶᠢᠯᠠᠵᠤ᠂ ᠲᠠᠮᠢᠷᠴᠢᠨ ᠵᠠᠩ ᠶᠠ ᠴᠢᠶᠠᠨ᠂ ᠲᠠᠮᠢᠷᠴᠢᠨ ᠭᠤᠤ ᠰᠢᠨ ᠸᠧᠨ ᠲᠤᠰ ᠲᠤᠰ ᠬᠤᠶᠠᠳᠤᠭᠠᠷ ᠪᠠ ᠭᠤᠲᠠᠭᠠᠷ ᠨᠡᠷ᠎ᠡ ᠳᠤ ᠲᠤᠳᠤᠷᠠᠪᠠ᠃     ᠤᠷᠤᠯᠳᠤᠭᠠᠨ ᠳᠤ ᠣᠷᠣᠯᠴᠠᠭᠴᠢ ᠯᠢᠦ ᠴᠢᠶᠠᠩ᠄ ︽ᠪᠢ  ᠴᠢᠭᠤᠯᠤᠯᠲᠤ ᠬᠠᠭᠠᠯᠭ᠎ᠠ ᠠᠴᠠ ᠢᠷᠡᠭᠰᠡᠨ᠂ ᠳᠥᠷᠪᠡᠭᠦᠯᠡ ᠢᠷᠡᠵᠡᠢ᠃  ᠦᠨᠦᠳᠦᠷ ᠤᠨ ᠬᠤᠶᠠᠷ ᠲᠦᠷᠦᠯ ᠤᠨ ᠰᠢᠪᠲᠤᠯᠤᠯᠲᠠ ᠶᠢᠨ ᠤᠷᠤᠯᠳᠤᠭᠠᠨ ᠳᠤ ᠣᠷᠣᠯᠴᠠᠵᠤ᠂ ᠮᠠᠷᠭᠠᠰᠢ ᠵᠠᠯᠭᠠᠭᠠᠳ ᠬᠠᠭᠠᠰ ᠮᠠᠷᠠᠽᠤᠨ᠂ ᠪᠦᠬᠦᠯᠢ ᠮᠠᠷᠠᠽᠤᠨ ᠤ ᠤᠷᠤᠯᠳᠤᠭᠠᠨ ᠳᠤ  ᠤᠷᠤᠯᠴᠠᠬᠤ  ᠪᠠᠷ ᠪᠠᠶᠢᠨ᠎ᠠ᠃  ᠲᠤᠰ ᠤᠳᠠᠭᠠᠨ ᠤ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠤᠬᠠᠭᠤᠯᠭ᠎ᠠ ᠶᠢᠨ ᠠᠭᠤᠯᠭ᠎ᠠ ᠠᠴᠠ ᠲᠠᠯ᠎ᠠ ᠨᠤᠳᠤᠭ ᠮᠠᠰᠢ ᠭᠤᠶᠤ ᠰᠠᠶᠢᠬᠠᠨ ᠭᠡᠳᠡᠭ ᠢ ᠮᠡᠳᠡᠭᠡᠳ ᠪᠠᠷᠠᠭᠤᠨ ᠦᠵᠦᠮᠦᠴᠢᠨ ᠬᠤᠰᠢᠭᠤᠨ ᠤ 99 ᠨᠤᠮᠧᠷᠲᠦ ᠵᠠᠰᠠᠮᠠᠯ ᠵᠠᠮ ᠤᠨ ᠭᠤᠶᠤ ᠰᠠᠶᠢᠬᠠᠨ ᠢ ᠦᠵᠡᠬᠦ ᠶᠢᠨ ᠲᠠᠭᠠᠤ  ᠪᠠᠷᠠᠭᠤᠨ ᠦᠵᠦᠮᠦᠴᠢᠨ ᠬᠤᠰᠢᠭᠤᠨ ᠤ ᠬᠦᠮᠦᠨ ᠠᠷᠠᠳ᠂ ᠰᠤᠶᠤᠯ ᠢᠷᠭᠡᠨᠰᠢᠯ ᠢ ᠴᠦ ᠪᠡᠶᠡᠴᠢᠯᠡᠨ ᠤᠶᠢᠯᠠᠭᠠᠬᠤ ᠰᠠᠨᠠᠭᠠᠲᠠᠢ ᠢᠷᠡᠭᠰᠡᠨ ᠶᠤᠮ᠃  ︾
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号