ᠪᠠᠭᠠᠴᠣᠳ ᠬᠡᠣᠬᠡᠳ ᠤᠨ ︽ᠲᠠᠯ᠎ᠠ ᠨᠤᠲᠤᠭ ᠤᠨ ᠪᠢᠴᠢᠬᠠᠨ ᠠᠪᠤᠷᠭᠤ︾  ᠰᠢᠯᠭᠠᠷᠠᠭᠤᠯᠬᠤ ᠣᠷᠣᠯᠳᠣᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/7/14
7 ᠰᠠᠷ᠎ᠠ ᠶᠢᠨ 12 ᠤᠨ ᠡᠳᠦᠷ᠂ ᠠᠩᠬᠠᠳᠤᠭᠠᠷ ᠬᠤᠭᠤᠴᠠᠭᠠᠨ ᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠠᠶᠠᠯᠠᠯ ᠤᠨ ᠱᠤᠭᠤᠮ︾ ᠨᠡᠷᠡᠮᠵᠢᠲᠦ ᠮᠠᠷᠠᠽᠤᠨ ᠤᠷᠤᠯᠳᠤᠭᠠᠨ ᠵᠢᠴᠢ ᠨᠠᠢᠮᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠪᠤᠷᠭᠤ  ︾ ᠰᠢᠯᠭᠠᠷᠠᠭᠤᠯᠬᠤ  ᠤᠷᠤᠯᠳᠤᠭᠠᠨ ᠡᠬᠢᠯᠡᠵᠦ᠂ ᠦᠳᠡ ᠶᠢᠨ ᠬᠤᠶᠢᠨ᠎ᠠ᠂ ᠪᠠᠭᠠᠴᠣᠳ ᠬᠡᠣᠬᠡᠳ ᠤᠨ ︽ᠲᠠᠯ᠎ᠠ ᠨᠤᠲᠤᠭ   ᠤᠨ ᠪᠢᠴᠢᠬᠠᠨ ᠠᠪᠤᠷᠭᠤ︾  ᠰᠢᠯᠭᠠᠷᠠᠭᠤᠯᠬᠤ ᠣᠷᠣᠯᠳᠣᠭᠠᠨ ᠶᠠᠪᠤᠭᠳᠠᠪᠠ  ᠃
    ᠲᠣᠰ ᠤᠳᠠᠭᠠᠨ ᠤ ︽ᠲᠠᠯ᠎ᠠ ᠨᠤᠲᠤᠭ ᠤᠨ ᠪᠢᠴᠢᠬᠠᠨ ᠠᠪᠤᠷᠭᠤ︾ ᠰᠢᠯᠭᠠᠷᠠᠭᠤᠯᠬᠤ ᠣᠷᠣᠯᠳᠣᠭᠠᠨ ᠳᠤ᠂ 9 ︱ 11 ᠨᠠᠰᠤᠨ ᠤ ᠡᠷᠡᠭᠲᠡᠢ ᠡᠮᠡᠭᠲᠡᠢ ᠶᠢᠨ  ᠳᠤᠭᠤᠶᠢᠯᠠᠩ ᠵᠢᠴᠢ 12 ︱ 14 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠬᠤᠪᠢᠶᠠᠵᠤ᠂ ᠨᠡᠶᠢᠲᠡ 4.7 ᠺᠢᠯᠣᠮᠧᠲᠷ ᠤᠨ ᠳᠤᠭᠤᠢ ᠤᠨᠤᠬᠤ ᠪᠠ ᠭᠦᠶᠦᠬᠦ ᠶᠠᠪᠤᠴᠠ ᠲᠠᠢ᠃ ᠲᠤᠬᠠᠶᠢᠯᠠᠪᠠᠯ᠂ ᠬᠡᠦᠬᠡᠳ ᠤᠳ ᠡᠬᠢᠯᠡᠯᠲᠡ ᠶᠢᠨ ᠴᠡᠭ ᠠᠴᠠ ᠳᠤᠭᠤᠢ ᠤᠨᠤᠵᠤ᠂ ᠵᠠᠮ ᠵᠠᠭᠤᠷ᠎ᠠ ᠪᠠᠨ ᠲᠣᠭᠲᠠᠭᠰᠠᠨ ᠭᠠᠵᠠᠷ ᠲᠤ ᠳᠤᠭᠤᠢ ᠪᠠᠨ ᠲᠠᠯᠪᠢᠵᠤ᠂ ᠵᠠᠯᠭᠠᠭᠠᠳ 1.4 ᠺᠢᠯᠣᠮᠧᠲᠷ ᠤᠨ ᠭᠦᠶᠦᠬᠦ ᠶᠠᠪᠤᠴᠠ ᠶᠢ ᠳᠠᠭᠤᠰᠬᠠᠨ ᠲᠠᠬᠢᠨ ᠳᠤᠭᠤᠢ ᠪᠠᠨ ᠤᠨᠤᠵᠤ ᠡᠴᠦᠰ ᠤᠨ ᠴᠡᠭ ᠲᠤ ᠬᠦᠷᠬᠦ ᠪᠣᠯᠣᠨ᠎ᠠ᠃ ᠡᠨᠡ ᠬᠦ ᠣᠷᠣᠯᠳᠣᠭᠠᠨ ᠤ ᠲᠥᠷᠦᠯ ᠨᠢ ᠬᠡᠦᠬᠡᠳ ᠪᠠᠭᠠᠴᠣᠳ ᠤᠨ  ᠪᠡᠶ᠎ᠡ ᠲᠠᠮᠢᠷ ᠤᠨ ᠪᠤᠯᠪᠠᠰᠣᠷᠠᠯ ᠢ ᠰᠢᠯᠭᠠᠬᠤ ᠪᠠᠷ ᠪᠠᠷᠠᠬᠤ ᠦᠭᠡᠢ᠂ ᠨᠡᠩ ᠴᠤ ᠬᠡᠦᠬᠡᠳ  ᠤᠳ ᠤᠨ ᠬᠥᠳᠡᠯᠭᠡᠭᠡᠨ ᠤ  ᠬᠡᠯᠪᠡᠷᠢ ᠪᠠᠨ ᠲᠦᠷᠭᠡᠨ ᠰᠣᠯᠢᠬᠤ ᠴᠢᠳᠠᠪᠤᠷᠢ ᠶᠢ ᠪᠣᠯᠪᠠᠰᠣᠷᠠᠭᠤᠯᠣᠨ᠎ᠠ᠃
  ᠤᠷᠤᠯᠳᠤᠭᠠᠨ ᠳᠤ ᠡᠯ᠎ᠡ ᠭᠠᠵᠠᠷ ᠤᠨ 70 ᠭᠠᠷᠤᠢ ᠬᠡᠣᠬᠡᠳ ᠪᠠᠭᠠᠴᠣᠳ ᠢᠳᠡᠪᠬᠢᠲᠡᠢ ᠣᠷᠣᠯᠴᠠᠵᠤ᠂ ᠪᠢᠴᠢᠬᠠᠨ ᠲᠠᠮᠢᠷᠴᠢᠳ ᠪᠦᠭᠦᠳᠡᠭᠡᠷ ᠤᠷᠤᠯᠳᠤᠭᠠᠨ ᠢᠶᠠᠨ ᠠᠮᠵᠢᠯᠲᠠ ᠲᠠᠢ ᠲᠡᠭᠦᠰᠬᠡᠵᠦ᠂ ᠬᠡᠦᠬᠡᠳ ᠨᠢᠭᠡᠪᠦᠷᠢ ᠤᠷᠤᠯᠳᠤᠭᠠᠨ ᠳᠤ ᠥᠪᠡᠷ ᠢ ᠪᠠᠨ ᠢᠯᠡᠵᠤ᠂ ᠪᠠᠭᠠᠴᠤᠳ ᠬᠡᠦᠬᠡᠳ ᠤᠨ ᠵᠣᠷᠢᠭ ᠰᠥᠰᠦ ᠲᠠᠢ᠂ ᠴᠤᠴᠠᠯᠲᠠ ᠦᠭᠡᠢ ᠴᠢᠷᠮᠡᠶᠢᠨ ᠲᠡᠮᠡᠴᠡᠬᠦ ᠴᠤᠭ ᠵᠢᠪᠬᠤᠭ᠎ᠠ ᠶᠢ ᠬᠠᠷᠠᠭᠤᠯᠣᠭᠰᠠᠨ ᠪᠠᠶᠢᠨ᠎ᠠ  ᠃
     ᠣᠷᠣᠯᠳᠣᠭᠠᠨ ᠤ ᠡᠴᠦᠰ ᠲᠤ᠂  ᠪᠢᠴᠢᠬᠠᠨ ᠲᠠᠮᠢᠷᠴᠢᠨ ᠪᠠᠢ ᠮᠢᠩ ᠰᠢᠤᠸᠠᠨ᠂ ᠸᠠᠩ ᠮᠢᠨ ᠢᠦᠢ ᠲᠣᠰ ᠲᠣᠰ 9 ︱ 11 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠳᠤ ᠲᠠᠷᠢᠭᠦᠯᠡᠵᠦ᠂ ᠯᠢᠦ ᠢ ᠮᠢᠩ᠂ ᠯᠥᠸᠧ ᠶᠢᠨ ᠢ ᠲᠣᠰ ᠲᠣᠰ 12 ︱ 14 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠳᠤ  ᠲᠡᠷᠢᠭᠦᠯᠡᠵᠦ  ᠂ ᠬᠠᠨ ᠢ ᠾᠦᠢ᠂ ᠮᠣᠣ ᠢ ᠴᠧᠨ ᠲᠣᠰ ᠲᠣᠰ 9 ︱11 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠤᠨ ᠬᠤᠶᠠᠳᠤᠭᠠᠷ ᠲᠤ ᠣᠷᠣᠵᠤ᠂ ᠰᠢᠦᠢ ᠶᠢᠨ ᠳ᠋ᠢᠩ᠂ ᠦ᠋ ᠶᠠᠨ ᠪᠢ ᠲᠣᠰ ᠲᠣᠰ 12 ︱ 14 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠤᠨ ᠬᠤᠶᠠᠳᠤᠭᠠᠷ ᠲᠤ ᠣᠷᠣᠵᠣ  ᠂ ᠯᠢᠦ ᠺᠠᠢ ᠶᠠᠩ᠂ ᠢᠦᠢ ᠮᠢ ᠲᠣᠰ ᠲᠣᠰ 9 ︱11 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠤᠨ ᠭᠤᠷᠪᠠᠳᠤᠭᠠᠷ ᠲᠤ ᠣᠷᠣᠵᠤ᠂ ᠳ᠋ᠦᠩ ᠰᠢᠨ᠂ ᠬᠠᠨ ᠢᠤᠢ ᠰᠢᠤᠸᠠᠨ ᠲᠣᠰ ᠲᠣᠰ 12 ︱ 14 ᠨᠠᠰᠤᠨ ᠤ ᠡᠷᠡᠭᠲᠡᠢ ᠡᠮᠡᠭᠲᠡᠢ ᠶᠢᠨ ᠳᠤᠭᠤᠶᠢᠯᠠᠩ ᠤᠨ ᠭᠤᠷᠪᠠᠳᠤᠭᠠᠷ ᠲᠤ ᠣᠷᠣᠵᠠᠢ᠃      ᠱᠧᠨ᠋ᠶᠠᠩ ᠤᠨ ᠪᠢᠴᠢᠬᠠᠨ ᠲᠠᠮᠢᠷᠴᠢᠨ ᠰᠣᠷᠪᠤᠯᠵᠢᠯᠠᠭ᠎ᠠ ᠬᠥᠯᠢᠶᠡᠬᠦ ᠳᠡᠭᠡᠨ᠄ ︽ᠪᠢ ᠡᠨᠡ ᠵᠢᠯ ᠠᠷᠪᠠᠨ ᠨᠠᠰᠣᠲᠠᠢ᠂ ᠨᠠᠶᠢᠵᠠ ᠲᠠᠢ ᠪᠠᠨ ᠬᠠᠮᠲᠤ ᠤᠷᠤᠯᠳᠤᠭᠠᠨ ᠳᠤ ᠣᠷᠣᠯᠴᠠᠬᠤ ᠪᠠᠷ ᠢᠷᠡᠵᠡᠢ᠃ ᠮᠢᠨᠤ ᠪᠣᠳᠣᠬᠤ ᠪᠠᠷ ︿ᠲᠠᠯ᠎ᠠ ᠨᠤᠲᠤᠭ ᠤᠨ ᠠᠪᠣᠷᠭᠤ  ﹀ ᠭᠡᠳᠡᠭ ᠨᠢ ᠴᠤᠴᠠᠰᠢ ᠦᠭᠡᠢ ᠲᠡᠮᠡᠣᠯᠡᠬᠦ ᠶᠢ ᠲᠥᠯᠦᠭᠡᠯᠡᠵᠦ ᠪᠠᠶᠢᠳᠠᠭ  ︾ ᠭᠡᠵᠣ ᠶᠠᠷᠢᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号