ᠪᠠᠷᠠᠭᠤᠨ ᠦᠵᠦᠮᠦᠴᠢᠨ ᠬᠤᠰᠢᠭᠤᠨ ᠤ ︽ᠡᠪ ᠤᠨ ᠲᠦᠰᠢᠭ ᠲᠠᠢ ᠨᠤᠳᠤᠭ︾ ᠲᠤᠯᠤᠳᠣᠭᠠᠷ ᠬᠤᠭᠤᠴᠠᠭᠠᠨ ᠤ ᠤᠯᠠᠨ ᠲᠦᠮᠠᠨᠴᠢ ᠤᠷᠠᠯᠢᠭ ᠤᠨ ᠴᠤᠭᠯᠠᠭᠠᠨ ᠵᠢᠴᠢ 2024 ᠤᠨ ᠤ ᠠᠵᠢᠯ ᠤᠨ ᠴᠢᠯᠤᠬᠡᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠠᠮᠵᠢᠯᠳᠠᠳᠠᠢ ᠶᠠᠪᠤᠭᠳᠠᠵᠦ ᠦᠩᠬᠡᠷᠡᠯ᠎ᠠ
ᠨᠡᠶᠢᠲᠡᠯᠡᠭᠰᠡᠨ ᠴᠠᠭ᠄
2024/7/14
    7 ᠰᠠᠷ᠎ᠠ ᠶᠢᠨ 11 ᠤ ᠣᠷᠣᠢ᠂ ᠪᠠᠷᠠᠭᠤᠨ ᠦᠵᠦᠮᠦᠴᠢᠨ ᠬᠤᠰᠢᠭᠤᠨ ᠤ ︽ᠡᠪ ᠤᠨ ᠲᠦᠰᠢᠭ ᠲᠠᠢ ᠨᠤᠳᠤᠭ ︾ ᠲᠤᠯᠤᠳᠣᠭᠠᠷ ᠬᠤᠭᠤᠴᠠᠭᠠᠨ ᠤ ᠤᠯᠠᠨ ᠲᠦᠮᠠᠨᠴᠢ ᠤᠷᠠᠯᠢᠭ ᠤᠨ ᠴᠤᠭᠯᠠᠭᠠᠨ ᠵᠢᠴᠢ 2024 ᠤᠨ ᠤ ᠠᠵᠢᠯ  ᠤᠨ ᠴᠢᠯᠤᠬᠡᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠤᠨ ᠱᠠᠩᠨᠠᠯ ᠣᠯᠭᠤᠬᠤ ᠦᠳᠡᠰᠢᠯᠡᠭᠡ ᠦᠵᠦᠮᠦᠴᠢᠨ ᠰᠣᠶᠣᠯ ᠤᠨ ᠠᠭᠤᠳᠠᠮ ᠲᠠᠯᠠᠪᠠᠶ ᠳᠤ ᠶᠠᠪᠤᠭᠳᠠᠪᠠ᠃     ᠬᠤᠰᠢᠭᠤ ᠤᠳᠤᠷᠢᠳᠤᠯᠭ᠎ᠠ ᠯᠢ ᠰᠢᠤᠸᠠᠢ ᠶᠢᠩ᠂ ᠯᠢᠦ ᠴᠢᠩ᠂ ᠷᠧᠨ ᠳ᠋ᠧ ᠰᠢᠨ ᠵᠢᠴᠢ ᠤᠬᠠᠭᠤᠯᠬᠤ ᠬᠡᠯᠲᠡᠰ᠂ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠤᠪᠴᠢᠶᠠᠨ ᠤ ᠬᠠᠷᠢᠭᠤᠴᠠᠯᠭᠠᠲᠠᠨ ᠱᠠᠩᠨᠠᠯ ᠣᠯᠭᠤᠬᠤ ᠦᠳᠡᠰᠢᠯᠡᠭᠡ ᠳᠤ ᠣᠷᠣᠯᠴᠠᠵᠤ ᠱᠠᠩᠨᠠᠯ ᠭᠠᠷᠳᠠᠭᠤᠯᠪᠠ᠃     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠳᠤᠮᠳᠠᠳᠤ ᠶᠢᠨ ᠰᠢᠯᠢᠳᠡᠭ ᠰᠣᠶᠣᠯ ᠢ ᠬᠥᠭᠵᠢᠭᠦᠯᠦᠨ ᠮᠠᠨᠳᠤᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ   ᠢᠶᠠᠷ ᠮᠠᠯᠴᠢᠨ ᠲᠦᠮᠠᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠤᠨ᠂ ᠬᠤᠲᠠ ᠬᠥᠳᠡᠭᠡ ᠶᠢᠨ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ   ᠠᠴᠠ ᠲᠣᠰ ᠤᠳᠠᠭᠠᠨ ᠤ  ᠤᠷᠠᠯᠢᠭ ᠤᠨ ᠨᠠᠶᠢᠷ ᠢ ᠭᠤᠣᠯᠯᠠᠨ ᠡᠷᠭᠢᠯᠡᠵᠦ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ  ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ  ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠮᠠᠯᠴᠢᠨ ᠲᠦᠮᠡᠨ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠵᠠᠯᠠᠭᠤᠴᠤᠳ ᠪᠠᠭᠠᠴᠤᠳ ᠵᠡᠷᠭᠡ ᠨᠡᠶᠢᠲᠡ 297 ᠬᠥᠮᠥᠨ ᠲᠣᠰ ᠤᠳᠠᠭᠠᠨ ᠤ ᠬᠠᠮᠲᠤᠷᠠᠭᠰᠠᠨ ᠲᠣᠭᠯᠠᠯᠲᠠ ᠳᠤ ᠣᠷᠣᠯᠴᠠᠵᠠᠢ᠃     ᠲᠤᠰ ᠤᠳᠠᠭᠠᠨ ᠤ ᠤᠷᠠᠯᠢᠭ ᠤᠨ ᠨᠠᠶᠢᠷ ᠤᠨ ᠠᠩᠬᠠᠨ ᠤ ᠱᠠᠳᠣᠨ ᠤ ᠤᠷᠤᠯᠳᠤᠭᠠᠨ ᠢ 7 ᠰᠠᠷ᠎ᠠ ᠶᠢᠨ 7 ᠤ ᠡᠳᠦᠷ ︽ᠨᠤᠳᠤᠭ ᠤᠶᠢᠷᠠᠬᠠᠨ︾ ᠵᠤᠭᠠᠴᠠᠯ ᠤᠨ ᠴᠡᠭ ᠲᠤ ᠶᠠᠪᠤᠭᠳᠠᠭᠤᠯᠣᠨ᠂ 7 ᠰᠠᠷ᠎ᠠ ᠶᠢᠨ 10  ᠤ ᠡᠳᠦᠷ᠂ ᠦᠵᠦᠮᠦᠴᠢᠨ ᠰᠣᠶᠣᠯ ᠤᠨ ᠲᠠᠯᠠᠪᠠᠢ ᠳᠤ ᠰᠢᠢᠳᠪᠦᠷᠢᠲᠦ ᠤᠷᠤᠯᠳᠤᠭᠠᠨ ᠢ ᠶᠠᠪᠤᠭᠳᠠᠭᠤᠯᠵᠤ᠂ ᠭᠤᠶᠢᠳᠠ ᠰᠠᠶᠢᠬᠠᠨ ᠲᠤᠭᠯᠠᠯᠳᠠ ᠪᠠᠷ ᠢᠶᠠᠨ  ᠨᠠᠮ ᠂ ᠡᠬᠡ ᠤᠯᠤᠰ ᠵᠢᠴᠢ ᠰᠢᠨ᠎ᠠ ᠴᠠᠭ ᠦᠶ᠎ᠠ ᠶᠢᠨ ᠭᠦᠭᠵᠢᠯ ᠪᠠᠳᠠᠷᠠᠯ ᠵᠢᠴᠢ ᠰᠠᠶᠢᠨ ᠰᠠᠶᠢᠬᠠᠨ ᠠᠮᠢᠳᠤᠷᠠᠯ ᠢ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠤᠶᠤᠨ ᠰᠠᠨᠠᠭᠠᠨ ᠤ  ᠤᠬᠢ ᠰᠢᠯᠢᠳᠡᠭ ᠳᠦᠷᠰᠦ ᠪᠠᠶᠢᠳᠠᠯ ᠢ ᠢᠯᠡᠷᠡᠭᠦᠯᠪᠡ᠃    ᠲᠣᠭᠯᠠᠯᠲᠠ ᠨᠢ ᠵᠠᠯᠠᠭᠤᠴᠤᠳ ᠤᠨ ᠳᠤᠭᠤᠶᠢᠯᠠᠩ ᠪᠠ ᠨᠠᠰᠤᠲᠠᠶᠢᠴᠤᠳ ᠤᠨ ᠳᠤᠭᠤᠶᠢᠯᠠᠩ  ᠬᠤᠪᠢᠶᠠᠨ᠂ ᠨᠢᠬᠡ ᠬᠤᠶᠠᠷ ᠭᠤᠷᠪᠠᠳᠤᠭᠠᠷ ᠨᠠᠷ᠎ᠠ ᠶᠢ ᠰᠣᠩᠭᠤᠨ ᠰᠢᠯᠭᠠᠷᠠᠭᠤᠯᠤᠭᠰᠠᠨ ᠪᠥᠭᠡᠳ ᠰᠢᠯᠢᠳᠡᠭ ᠱᠠᠩᠨᠠᠯ᠂ ᠰᠢᠯᠢᠳᠡᠭ ᠵᠣᠬᠢᠶᠠᠨ ᠪᠦᠲᠦᠭᠡᠯᠭᠡ ᠶᠢᠨ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ   ᠢᠶᠠᠷ ᠱᠠᠩᠨᠠᠨ ᠵᠤᠷᠢᠭᠵᠢᠭᠤᠯᠤᠭᠰᠠᠨ ᠪᠠᠶᠢᠨ᠎ᠠ᠃    ᠱᠠᠩᠨᠠᠯ ᠣᠯᠭᠤᠬᠤ ᠦᠳᠡᠰᠢᠯᠡᠭᠡ ᠳᠡᠭᠡᠷ᠎ᠡ ᠤᠷᠳᠤ ᠶᠢᠨ ᠳᠠᠭᠤᠤ᠂ ᠪᠥᠵᠢᠭ᠂ ᠭᠤᠴᠣᠯᠠᠯ ᠳᠠᠭᠤᠤ᠂ ᠬᠡᠦᠬᠡᠳ ᠤᠨ ᠭᠤᠴᠣᠯᠠᠯ ᠳᠠᠭᠤᠤ᠂ ᠬᠤᠪᠴᠠᠰᠤᠨ ᠤ ᠦᠵᠡᠬᠦᠯᠤᠯᠬᠡ᠂ ᠨᠠᠶᠢᠷᠠᠯ ᠳᠠᠭᠤᠤ ᠵᠡᠷᠭᠡ ᠡᠯ᠎ᠡ ᠰᠤᠮᠤ ᠪᠠᠯᠭᠠᠰᠤ ᠶᠢᠨ ᠬᠠᠮᠲᠤᠷᠠᠭᠰᠠᠨ ᠲᠣᠭᠯᠠᠯᠲᠠ ᠠᠴᠠ ᠰᠣᠩᠭᠤᠨ ᠭᠠᠷᠭᠠᠭᠰᠠᠨ ᠰᠢᠯᠢᠳᠡᠭ ᠪᠦᠲᠦᠭᠡᠯ ᠤᠨ ᠲᠣᠭᠯᠠᠯᠲᠠ ᠨᠢ ᠦᠵᠡᠭᠴᠢᠳ ᠤᠨ  ᠭᠦᠷᠢᠶᠠᠯᠠᠯ  ᠤᠯᠵᠦ᠂ ᠠᠷᠠᠳ ᠤᠨ ᠤᠷᠠᠯᠢᠭᠴᠢᠳ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠮᠠᠭᠲᠠᠨ ᠰᠠᠶᠢᠰᠢᠶᠠᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号