ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠬᠡᠦᠬᠡᠳ ᠤᠨ ᠴᠡᠴᠡᠷᠯᠢᠭ ᠨᠢ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/14
    ᠰᠤᠷᠭᠠᠨ ᠬᠥᠮᠦᠵᠢᠯ ᠤᠨ ᠶᠠᠮᠤᠨ ᠤ ︽ᠬᠡᠦᠬᠡᠳ ᠤᠨ ᠴᠡᠴᠡᠷᠯᠢᠭ ᠪᠣᠯᠣᠨ ᠪᠠᠭ᠎ᠠ ᠰᠤᠷᠭᠠᠭᠤᠯᠢ ᠶᠢᠨ ᠰᠢᠨᠵᠢᠯᠡᠬᠦ ᠣᠬᠠᠭᠠᠨᠴᠢ ᠵᠣᠯᠭᠠᠯᠴᠠᠭ᠎ᠠ ᠶᠢ ᠶᠡᠬᠡᠪᠡᠷ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠬᠡᠦᠬᠡᠳ ᠤᠨ ᠴᠡᠴᠡᠷᠯᠢᠭ ᠨᠢ ᠬᠡᠦᠬᠡᠳ ᠤᠨ ᠨᠠᠰᠤᠨ ᠤ ᠣᠨᠴᠠᠯᠢᠭ ᠪᠣᠯᠣᠨ ᠬᠥᠭᠵᠢᠯᠲᠡ ᠶᠢᠨ ᠵᠢᠮ᠎ᠡ ᠶᠣᠰᠣ ᠶᠢ ᠦᠨᠳᠦᠰᠦᠯᠡᠵᠦ᠂ ᠬᠡᠦᠬᠡᠳ ᠤᠨ ᠪᠡᠶ᠎ᠡ ᠰᠡᠳᠬᠢᠴᠡ ᠶᠢᠨ ᠪᠡᠯᠡᠳᠬᠡᠯ᠂ ᠨᠡᠶᠢᠭᠡᠮ ᠤᠨ ᠪᠡᠯᠡᠳᠬᠡᠯ᠂ ᠠᠮᠢᠳᠤᠷᠠᠯ ᠤᠨ ᠪᠡᠯᠡᠳᠬᠡᠯ᠂ ᠰᠤᠷᠤᠯᠴᠠᠯᠭ᠎ᠠ ᠶᠢᠨ ᠪᠡᠯᠡᠳᠬᠡᠯ ᠵᠡᠷᠭᠡ ᠳᠥᠷᠪᠡᠨ ᠲᠠᠯ᠎ᠠ ᠪᠠᠷ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠰᠢᠷᠢᠰ ᠠᠵᠢᠯᠯᠠᠭ᠎ᠠ ᠥᠷᠨᠢᠭᠦᠯᠪᠡ᠃     ᠬᠡᠦᠬᠡᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠣᠨᠴᠠᠯᠢᠭ ᠲᠠᠢ ᠤᠶᠠᠯᠳᠤᠭᠤᠯᠤᠨ᠂  ᠡᠯ᠎ᠡ ᠬᠡᠦᠬᠡᠳ  ᠤᠨ ᠴᠡᠴᠡᠷᠯᠢᠭ ᠨᠢ ᠵᠢᠷᠭᠤᠳᠣᠭᠠᠷ ᠰᠠᠷ᠎ᠠ ᠳᠤ ᠪᠠᠭ᠎ᠠ ᠰᠤᠷᠭᠠᠭᠤᠯᠢ ᠲᠠᠢ  ᠬᠠᠮᠲᠤᠷᠠᠨ᠂ ᠴᠡᠴᠡᠷᠯᠢᠭ ᠤᠨ ᠶᠡᠭᠡ ᠠᠩᠭᠢ ᠶᠢᠨ ᠬᠡᠦᠬᠡᠳ ᠤᠳ ᠲᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠰᠤᠷᠤᠯᠴᠠᠬᠤ ᠶᠠᠪᠤᠴᠠ ᠶᠢ ᠪᠡᠶᠡᠴᠢᠯᠡᠨ ᠤᠶᠢᠯᠠᠭᠠᠭᠤᠯᠬᠤ᠂ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠰᠣᠨᠢᠷᠬᠠᠭᠤᠯᠬᠤ᠂ ᠪᠠᠭ᠎ᠠ ᠰᠣᠷᠭᠠᠭᠤᠯᠢ  ᠶᠢᠨ ᠵᠢᠭᠠᠨ ᠰᠣᠷᠭᠠᠯᠲᠠ ᠶᠢᠨ ᠠᠰᠠᠷ᠂ ᠲᠠᠮᠢᠷ ᠤᠨ ᠣᠷᠳᠤᠨ ᠢ ᠲᠣᠭᠤᠷᠢᠨ ᠦᠵᠡᠭᠦᠯᠬᠦ ᠪᠠᠷ ᠳᠠᠮᠵᠢᠭᠤᠯᠤᠨ ᠴᠡᠴᠡᠷᠯᠢᠭ ᠤᠨ ᠬᠡᠣᠬᠡᠳ ᠤᠳ ᠲᠤ ᠪᠠᠭ᠎ᠠ ᠰᠤᠷᠭᠠᠭᠤᠯᠢ ᠶᠢᠨ ᠰᠣᠷᠣᠯᠭ᠎ᠠ ᠠᠮᠢᠳᠤᠷᠠᠯ ᠢ ᠤᠶᠢᠯᠠᠭᠠᠭᠤᠯᠵᠤ᠂ ᠨᠠᠮᠣᠷ  ᠤᠨ ᠣᠯᠠᠷᠢᠯ ᠤᠨ ᠰᠢᠨ᠎ᠡ ᠰᠣᠷᠣᠯᠭ᠎ᠠ ᠶᠢᠨ ᠬᠤᠭᠤᠴᠠᠭᠠᠨ ᠤ ᠰᠤᠷᠤᠯᠭ᠎ᠠ ᠠᠮᠢᠳᠣᠷᠠᠯ ᠳᠤ ᠨᠢ ᠰᠠᠭᠤᠷᠢ ᠲᠠᠯᠪᠢᠵᠡᠢ  ᠃     ᠡᠯ᠎ᠡ ᠬᠡᠦᠬᠡᠳ ᠤᠨ ᠴᠡᠴᠡᠷᠯᠢᠭ ᠨᠢ ᠬᠡᠣᠬᠡᠳ ᠤᠨ ᠴᠢᠳᠠᠪᠤᠷᠢ ᠶᠢᠨ ᠪᠣᠯᠪᠠᠰᠤᠷᠠᠯ ᠢ ᠢᠳᠡᠪᠬᠢᠲᠡᠢ ᠵᠣᠬᠢᠶᠠᠨ ᠪᠠᠶᠢᠭᠤᠯᠵᠤ᠂ ᠬᠥᠯ ᠪᠥᠮᠪᠦᠭᠡ᠂ ᠰᠠᠭᠰᠤᠨ ᠪᠥᠮᠪᠦᠭᠡ ᠵᠡᠷᠭᠡ ᠲᠠᠮᠢᠷ ᠤᠷᠠᠯᠢᠭ ᠤᠨ ᠠᠵᠢᠯᠯᠠᠭ᠎ᠠ᠂ ᠭᠡᠷ ᠤᠨ ᠳᠣᠲᠣᠨ᠎ᠠ ᠭᠠᠳᠠᠨᠠᠬᠢ ᠪᠡᠶ᠎ᠡ ᠪᠠᠨ ᠳᠠᠭᠠᠭᠠᠭᠰᠠᠨ ᠲᠣᠭᠯᠠᠭᠠᠮ ᠤᠨ ᠠᠵᠢᠯᠯᠠᠭ᠎ᠠ ᠳᠤ ᠡᠳᠦᠷ ᠪᠦᠷᠢ ᠣᠷᠣᠯᠴᠠᠭᠤᠯᠬᠤ ᠶᠢ ᠪᠠᠷᠢᠮᠲᠠᠯᠠᠨ᠂ ᠬᠡᠦᠬᠡᠳ ᠤᠨ ᠪᠡᠶ᠎ᠡ ᠮᠠᠬᠠᠪᠤᠳ ᠤᠨ ᠵᠤᠬᠢᠴᠠᠬᠤ ᠴᠢᠳᠠᠪᠤᠷᠢ ᠶᠢ ᠳᠡᠭᠡᠭᠰᠢᠯᠡᠭᠦᠯᠵᠦ᠂  ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠪᠠᠶᠢᠴᠠᠭᠠᠯᠲᠠ ᠶᠢᠨ ᠬᠠᠭᠤᠳᠠᠰᠤ᠂ ᠭᠡᠷ ᠤᠨ ᠠᠬᠠᠮᠠᠳ ᠤᠨ ᠪᠤᠯᠪᠠᠰᠣᠷᠠᠯ ᠤᠨ ᠬᠤᠷᠠᠯ᠂ ᠲᠤᠰᠬᠠᠢ ᠰᠡᠳᠦᠪᠲᠦ ᠲᠠᠶᠢᠯᠤᠮᠵᠢ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠭᠡᠷ ᠤᠨ ᠠᠬᠠᠮᠠᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠳᠤ ᠰᠢᠨᠵᠢᠯᠡᠬᠦ ᠤᠬᠠᠭᠠᠨᠴᠢ ᠪᠠᠷ ᠵᠥᠪ ᠬᠠᠨᠳᠤᠬᠤ ᠶᠢ ᠬᠥᠲᠥᠯᠥᠨ ᠵᠢᠯᠤᠭᠤᠳᠴᠣ᠂ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠠᠵᠢᠯ ᠤᠨ ᠣᠷᠣᠭᠰᠢᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号