ᠲᠦᠮᠡᠨᠵᠢᠷᠭᠠᠯ ᠤᠨ ᠴᠠᠭᠠᠨ ᠮᠤᠷᠢ ᠲᠡᠷᠢᠬᠦᠯᠡᠪᠡ
ᠨᠡᠶᠢᠲᠡᠯᠡᠭᠰᠡᠨ ᠴᠠᠭ᠄
2024/7/2
    6 ᠰᠠᠷ᠎ᠠ ᠶᠢᠨ 29 ᠤ ᠦᠲᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ︽ @ ᠴᠠᠭᠠᠨ ᠠᠳᠤᠭᠤ  ︾ ᠰᠤᠶᠤᠯ  ᠵᠢᠭᠤᠯᠴᠢᠯᠠᠯ ᠤᠨ ᠨᠠᠶᠢᠷ ᠤᠨ 20 ᠭᠠᠵᠠᠷ ᠤᠨ ᠴᠠᠭᠠᠨ ᠮᠤᠷᠢᠨ ᠤ ᠤᠷᠤᠯᠳᠤᠭᠠᠨ ᠨᠠᠶᠢᠷ  ᠤᠨ ᠲᠠᠯᠠᠪᠠᠢ ᠶᠢᠨ ᠡᠮᠦᠨᠡᠬᠢ ᠤᠷᠤᠯᠳᠤᠭᠠᠨ ᠤ ᠲᠠᠯᠠᠪᠤᠷ ᠲᠤ ᠶᠠᠪᠤᠭᠳᠠᠪᠠ᠃
   ᠲᠤᠰ ᠤᠳᠠᠭᠠᠨ ᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ 6 ᠰᠤᠮᠤ ᠪᠠᠯᠭᠠᠰᠤᠨ ᠠᠴᠠ ᠬᠦᠷᠦᠯᠴᠡᠨ ᠢᠷᠡᠭᠰᠡᠨ ᠨᠡᠶᠢᠲᠡ 27 ᠮᠤᠷᠢ ᠬᠦᠴᠦ ᠬᠤᠷᠲᠤ ᠰᠤᠷᠢᠯᠴᠠᠨ᠂ ᠣᠨᠣᠭᠰᠠᠨ ᠬᠡᠥᠬᠡᠳ ᠣᠶᠠᠭᠠᠴᠢ ᠡᠵᠡᠳ ᠢᠶᠠᠨ ᠪᠠᠶᠠᠰᠬᠠᠵᠣ᠂ ᠬᠤᠷᠠᠭᠰᠠᠨ ᠣᠯᠠᠨ ᠤ ᠬᠡᠶᠢᠮᠦᠷᠢ ᠶᠢ ᠰᠡᠷᠭᠦᠭᠡᠪᠡ᠃
   ᠤᠷᠤᠯᠳᠤᠭᠠᠨ ᠤ ᠳ᠋ᠦᠩ ᠳᠤ᠂ ᠤᠯᠠᠭᠠᠠᠬᠠᠭᠠᠯᠭ᠎ᠠ ᠰᠤᠮᠤᠨ ᠤ ᠰᠢᠨᠡᠭᠤᠤᠯ ᠭᠠᠴᠠᠭᠠᠨ ᠤ ᠲᠦᠮᠡᠨᠵᠢᠷᠭᠠᠯ ᠤᠨ ᠴᠠᠭᠠᠨ ᠮᠤᠷᠢ ᠲᠡᠷᠢᠬᠦᠯᠡᠵᠦ᠂ ᠬᠤᠭᠤᠯᠠᠲᠤ ᠶᠢᠨ ᠭᠤᠤᠯ ᠪᠠᠯᠭᠠᠰᠤᠨ ᠤ ᠪᠠᠶ᠋ᠬᠠᠷᠭᠡᠲᠦ ᠭᠠᠴᠠᠭᠠᠨ ᠤ ᠮᠦᠩᠭᠡᠪᠠᠶᠠᠷ ᠤᠨ ᠴᠠᠭᠠᠨ ᠮᠤᠷᠢ ᠲᠡᠳ᠋ᠯᠡᠨ᠂  ᠪᠠᠶᠠᠨᠬᠤᠰᠢᠭᠤ ᠰᠣᠮᠣᠨ ᠤ ᠱᠠᠣᠳᠣ ᠭᠠᠴᠠᠭᠠᠨ ᠤ  ᠨᠠᠰᠣᠠᠭᠡᠷᠡᠯ ᠤᠨ ᠴᠠᠭᠠᠨ ᠮᠤᠷᠢ᠂ ᠬᠤᠭᠤᠯᠠᠲᠤ ᠶᠢᠨ ᠭᠤᠤᠯ ᠪᠠᠯᠭᠠᠰᠤᠨ ᠤ ᠪᠠᠯᠭᠠᠷ ᠭᠠᠴᠠᠭᠠᠨ ᠤ ᠪᠤᠯᠤᠷ ᠤᠨ ᠴᠠᠭᠠᠨ ᠮᠤᠷᠢ᠂ ᠬᠤᠭᠤᠯᠠᠲᠤ ᠶᠢᠨ ᠭᠤᠤᠯ ᠪᠠᠯᠭᠠᠰᠤᠨ ᠤ ᠪᠠᠶᠠᠠᠬᠤᠰᠢᠭᠤ ᠭᠠᠴᠠᠭᠠᠨ ᠤ ᠰᠤᠶᠤᠯᠪᠠᠭᠠᠲᠤᠷ ᠤᠨ ᠴᠠᠭᠠᠨ ᠮᠤᠷᠢ ᠲᠤᠰ ᠲᠤᠰ ᠭᠤᠷᠪᠠ᠂ ᠲᠦᠷᠪᠡ᠂ ᠲᠠᠪᠤᠳᠤᠭᠠᠷ ᠲᠤ ᠤᠷᠤᠪᠠ᠃
   ᠲᠤᠰ ᠤᠳᠠᠭᠠᠨ ᠤ ᠠᠯᠤᠰ ᠤᠨ ᠮᠤᠷᠢᠨ ᠤ ᠤᠷᠤᠯᠳᠤᠭᠠᠨ ᠢᠶᠠᠷ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠤᠯᠠᠮᠵᠢᠯᠠᠨ ᠪᠠᠳᠠᠷᠠᠭᠤᠯᠵᠤ᠂ ᠤᠯᠠᠮᠵᠢᠯᠠᠯᠳᠤ ᠰᠤᠶᠤᠯ ᠬᠢᠭᠡᠳ ᠤᠨᠴᠠᠯᠢᠭᠳᠦ ᠵᠢᠭᠤᠯᠴᠢᠯᠠᠯ ᠤᠨ ᠦᠢᠯᠡᠰ ᠢ ᠠᠭᠤᠰᠣᠯᠴᠠᠭᠤᠯᠤᠨ ᠬᠦᠭᠵᠢᠬᠦᠯᠬᠦ ᠶᠢ ᠠᠬᠢᠭᠤᠯᠤᠨ᠂ ᠴᠠᠭᠠᠨ ᠠᠳᠤᠭᠤᠨ ᠤ ᠰᠣᠶᠣᠯ ᠤᠨ ᠦᠵᠡᠰᠬᠦᠯᠡᠩᠲᠦ ᠰᠠᠶᠢᠬᠠᠨ ᠨᠡᠷᠡᠲᠦ ᠲᠡᠮᠳᠡᠭ ᠢ ᠡᠭᠦᠳᠬᠦ ᠳᠤ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号