ᠪᠠᠷᠠᠭᠤᠨ ᠦᠵᠦᠮᠦᠴᠢᠨ ᠬᠤᠰᠢᠭᠤᠨ ᠤ ︽@  ᠴᠠᠭᠠᠨ ᠠᠳᠣᠭᠤ︾ ᠰᠤᠶᠤᠯ ᠵᠢᠭᠤᠯᠴᠢᠯᠠᠯ  ᠤᠨ ᠨᠠᠶᠢᠷ  ᠤᠨ ᠰᠣᠷ ᠬᠠᠷᠪᠣᠯᠲᠠ ᠶᠢᠨ ᠣᠷᠣᠯᠳᠣᠭᠠᠨ ᠲᠡᠭᠦᠰ ᠠᠮᠵᠢᠯᠲᠠᠲᠠᠢ ᠥᠨᠳᠦᠷᠯᠡᠪᠡ
ᠨᠡᠶᠢᠲᠡᠯᠡᠭᠰᠡᠨ ᠴᠠᠭ᠄
2024/7/2
   6 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽@ ᠴᠠᠭᠠᠨ ᠠᠳᠣᠭᠤ︾ ᠰᠤᠶᠤᠯ ᠵᠢᠭᠤᠯᠴᠢᠯᠠᠯ ᠤᠨ ᠨᠠᠶᠢᠷ ᠢᠶᠠᠷ᠂ ︽ᠡᠷ᠎ᠡ ᠶᠢᠨ ᠭᠤᠷᠪᠠᠨ ᠨᠠᠭᠠᠳᠣᠮ︾ ᠤᠨ ᠨᠢᠭᠡ ᠪᠣᠯᠬᠤ ᠰᠣᠷ ᠬᠠᠷᠪᠣᠯᠲᠠ  ᠶᠢᠨ ᠣᠷᠣᠯᠳᠣᠭᠠᠨ ᠶᠠᠪᠤᠭᠳᠠᠵᠦ᠂ ᠣᠷᠳᠣᠰ᠂ ᠪᠠᠭᠠᠷᠢᠨ ᠪᠠᠷᠠᠭᠤᠨ ᠬᠤᠰᠢᠭᠤ  ᠵᠡᠷᠭᠡ  ᠪᠦᠬᠦ ᠤᠷᠤᠨ ᠤ ᠡᠯ᠎ᠡ ᠭᠠᠵᠠᠷ ᠠᠴᠠ ᠬᠦᠷᠥᠯᠴᠡᠨ ᠢᠷᠡᠭᠰᠡᠨ ᠬᠤᠶᠠᠷ ᠵᠠᠭᠤ ᠭᠠᠷᠤᠢ ᠡᠷᠡᠬᠡᠢ ᠮᠡᠷᠭᠡᠨ ᠰᠤᠷᠴᠢᠳ ᠣᠷᠣᠯᠳᠣᠭᠠᠨ ᠳᠤ ᠣᠷᠣᠯᠴᠠᠵᠣ᠂ ᠤᠷ᠎ᠠ ᠣᠬᠠᠭᠠᠨ ᠢᠶᠠᠨ ᠰᠣᠷᠢᠵᠠᠢ᠃
    ᠣᠷᠣᠯᠳᠣᠭᠠᠨ ᠤ ᠠᠬᠤᠢ ᠲᠠᠯᠠᠪᠠᠢ ᠳᠤ᠂ ᠰᠤᠷᠴᠢᠳ ᠦᠨᠳᠦᠰᠦᠲᠡᠨ ᠤ ᠬᠤᠪᠴᠠᠰᠣ ᠵᠠᠰᠠᠯ ᠢᠶᠠᠷ ᠢᠶᠠᠨ ᠭᠤᠶᠤᠯᠠᠨ᠂ ᠨᠠᠭᠠᠳᠣᠮ ᠤᠨ ᠳᠡᠨᠵᠢ ᠶᠢ ᠴᠢᠮᠡᠵᠣ᠂ ᠨᠢᠭᠡ ᠡᠳᠦᠷ ᠤᠨ ᠲᠣᠷᠰᠢ ᠣᠷ᠎ᠠ ᠮᠡᠷᠭᠡᠵᠢᠯ᠂ ᠡᠷᠴᠢ ᠬᠦᠴᠦ  ᠪᠠᠨ ᠰᠢᠯᠭᠠᠨ ᠣᠷᠣᠯᠳᠣᠭᠰᠠᠨ ᠢᠶᠠᠷ᠂ ᠵᠡᠭᠦᠨ ᠦᠵᠦᠮᠦᠴᠢᠨ ᠬᠤᠰᠢᠭᠤᠨ ᠤ ᠰᠤᠳᠤᠪᠢᠯᠢᠭ᠌ ᠲᠡᠷᠢᠭᠦᠯᠡᠨ᠂ ᠠᠪᠠᠭ᠎ᠠ ᠬᠤᠰᠢᠭᠤᠨ ᠤ ᠤᠷᠤᠯᠴᠠᠭᠴᠢ ᠤᠴᠢᠪᠠᠳᠠᠷᠠᠬᠤ ᠳᠡᠳ᠋ᠯᠡᠵᠤ᠂  ᠪᠠᠭᠠᠷᠢᠨ ᠪᠠᠷᠠᠭᠤᠨ ᠬᠤᠰᠢᠭᠤᠨ ᠤ ᠰᠡᠴᠡᠨᠮᠦ᠋ᠡᠭᠬᠡ ᠭᠤᠷᠪᠠᠳᠣᠭᠠᠷ ᠲᠤ ᠲᠣᠳᠣᠷᠠᠵᠣ᠂ ᠪᠠᠭᠠᠷᠢᠨ ᠪᠠᠷᠠᠭᠤᠨ ᠬᠤᠰᠢᠭᠤᠨ ᠤ ᠤᠷᠳᠤ ᠳᠥᠷᠪᠡᠳᠦᠭᠡᠷ ᠲᠤ ᠲᠣᠳᠣᠷᠠᠨ᠂ ᠦᠵᠡᠭᠴᠢ ᠣᠯᠠᠨ ᠢᠶᠠᠨ ᠪᠠᠶᠠᠰᠬᠠᠵᠣ᠂ ᠰᠡᠳᠬᠢᠯ ᠳᠣᠭᠳᠣᠯᠣᠭᠤᠯᠣᠭᠰᠠᠨ ᠰᠠᠶᠢᠬᠠᠨ ᠣᠷᠣᠯᠳᠣᠭᠠᠨ ᠪᠣᠯᠣᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号