ᠪᠠᠷᠠᠭᠤᠨ ᠦᠵᠦᠮᠦᠴᠢᠨ ᠬᠤᠰᠢᠭᠤ ᠨᠠᠮ ᠵᠠᠰᠠᠭ ᠤᠨ ᠤᠳᠤᠷᠢᠳᠬᠤ ᠺᠠᠳ᠋ᠷ ᠪᠣᠯᠣᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠨᠠᠢᠮᠠᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/7/22
    ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ 7 ᠰᠠᠷ᠎ᠠ ᠶᠢᠨ 15᠎ ᠤ ᠡᠳᠦᠷ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠠᠢ ᠬᠠᠮᠲᠤᠷᠠᠨ ᠪᠥᠬᠦ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠪᠣᠯᠣᠨ ᠠᠵᠤ ᠠᠬᠤᠶᠢᠯᠠᠯ ᠎ ᠤᠨ ᠭᠤᠣᠯ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠨᠠᠢᠮᠠᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠢ ᠡᠷᠬᠢᠯᠡᠨ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ ᠶᠠᠷᠢᠶ᠎ᠠ ᠲᠠᠯᠪᠢᠵᠤ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠷᠧᠨ ᠳ᠋ᠧ ᠰᠢᠨ᠂ ᠵᠢᠶᠠ ᠨᠠᠨ ᠬᠤᠷᠠᠯ ᠳᠤ ᠣᠷᠣᠯᠴᠠᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠵᠢᠴᠢ ᠠᠭᠤᠷᠬᠠᠢ ᠶᠢᠨ ᠠᠵᠤ ᠠᠬᠤᠶᠢᠯᠠᠯ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠵᠡᠷᠭᠡ ᠨᠡᠶᠢᠲᠡ 100 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    ᠬᠠᠢ ᠱᠠᠨ ᠴᠢᠬᠤᠯᠠᠴᠢᠯᠠᠬᠤ ᠳᠠᠭᠠᠨ᠂ ᠪᠣᠯᠪᠠᠰᠤᠷᠠᠯ ᠳᠤ ᠣᠷᠣᠯᠴᠠᠭᠰᠠᠨ ᠡᠯ᠎ᠡ ᠨᠢᠭᠡᠴᠡ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠶᠤᠯᠭᠦᠢ ᠶᠢᠨ ᠪᠣᠯᠪᠠᠰᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠬᠤᠭᠤᠴᠠᠭᠠᠨ ᠳᠤ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃     ᠲᠣᠰ ᠤᠳᠠᠭᠠᠨ ᠤ ᠪᠣᠯᠪᠠᠰᠤᠷᠠᠯ ᠳᠤ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠠᠶᠢᠯᠪᠤᠷᠢᠯᠠᠭᠴᠢ ᠪᠠᠭᠰᠢ ᠪᠣᠯᠣᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠲᠤᠰᠬᠠᠢ ᠲᠤᠰᠢᠶᠠᠯᠲᠤ ᠠᠮᠤᠷ ᠲᠦᠪᠰᠢᠨ ᠤ ᠮᠡᠷᠭᠡᠵᠢᠯ ᠤᠨ ᠪᠠᠶᠢᠴᠠᠭᠠᠭᠴᠢ ᠶᠢ ᠤᠷᠢᠵᠤ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ︽ᠲᠠᠪᠤ ᠶᠢ ᠨᠠᠶᠢᠳᠠᠪᠤᠷᠢᠵᠢᠭᠤᠯᠬᠤ︾ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠭᠤᠯᠵᠠᠢ᠃    ᠲᠤᠰ ᠤᠳᠠᠭᠠᠨ ᠤ ᠪᠣᠯᠪᠠᠰᠤᠷᠠᠯ ᠨᠢ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ  ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂  ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠣᠨ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号