ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠣᠬᠡᠷ ᠬᠤᠭᠤᠴᠠᠭᠠᠨ ᠤ ᠲᠠᠯ᠎ᠠ | ᠨᠤᠲᠤᠭ ᠤᠨ ᠨᠠᠭᠠᠳᠤᠮ ᠰᠢᠯᠢ ᠶᠢᠨ ᠬᠤᠳᠠᠨ᠎ᠠ ᠦᠪᠡᠳᠡᠭᠰᠢ ᠶᠠᠪᠤᠭᠳᠠᠵᠦ ᠦᠩᠬᠡᠷᠡᠯ᠎ᠠ᠃ ᠪᠠᠷᠠᠭᠤᠨ ᠦᠵᠦᠮᠦᠴᠢᠨ | ᠬᠤᠰᠢᠭᠤᠨ ᠤ ᠣᠨᠴᠠᠯᠢᠭᠲᠤ ᠰᠣᠶᠣᠯ ᠤᠨ ᠦᠵᠡᠭᠦᠯᠦᠯᠭᠡ ᠨᠢ ᠴᠦ ᠪᠥᠬᠦ ᠤᠯᠤᠰ ᠤᠨ ᠡᠯ᠎ᠡ ᠭᠠᠵᠠᠷ ᠤᠨ | ᠵᠤᠭᠠᠴᠠᠭᠰᠠᠳ ᠪᠠ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠩᠬᠠᠷᠤᠯ ᠢ ᠲᠠᠲᠠᠵᠤ᠂ ᠲᠠᠯ᠎ᠠ ᠨᠤᠲᠤᠭ ᠤᠨ | ᠨᠠᠭᠠᠳᠤᠮ ᠤᠨ ᠨᠢᠭᠡᠨ ᠬᠢᠯᠠᠰ ᠴᠡᠭ ᠪᠣᠯᠤᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠥᠪᠡᠷᠮᠢᠴᠡ ᠣᠨᠴᠠᠯᠢᠭ ᠪᠦᠬᠦᠢ ᠰᠣᠶᠣᠯ ᠢᠷᠬᠡᠨᠰᠢᠯ ᠵᠢᠴᠢ | ᠦᠵᠡᠭᠦᠯᠦᠯᠭᠡ ᠶᠢᠨ ᠠᠭᠤᠯᠭ᠎ᠠ ᠨᠢ ᠵᠤᠭᠠᠴᠠᠭᠰᠠᠳ ᠤᠨ ᠮᠠᠭᠲᠠᠭᠠᠯ ᠲᠠᠭᠠᠰᠢᠶᠠᠯ ᠢ ᠤᠯᠵᠦ᠂ ᠦᠵᠡᠭᠦᠯᠦᠯᠭᠡ ᠶᠢᠨ | ᠲᠣᠭᠤᠷᠢᠭ ᠲᠤ᠂ ᠭᠤᠶᠣ ᠰᠠᠶᠢᠬᠠᠨ ᠴᠢᠮᠡᠭᠯᠡᠯ ᠲᠠᠢ ᠮᠣᠩᠭᠤᠯ ᠭᠡᠷ ᠨᠢ ᠣᠷᠣᠨ ᠨᠤᠲᠤᠭ ᠤᠨ ᠣᠨᠴᠠᠯᠢᠭᠲᠤ ᠰᠣᠶᠣᠯ | ᠪᠠ ᠤᠯᠠᠮᠵᠢᠯᠠᠯᠲᠤ ᠵᠠᠩ ᠳᠠᠳᠬᠠᠯ ᠢ ᠳᠡᠯᠭᠡᠨ ᠦᠵᠡᠭᠦᠯᠬᠦ ᠴᠣᠩᠬᠤ ᠪᠣᠯᠤᠭᠰᠠᠨ ᠢᠶᠠᠷ ᠪᠠᠷᠠᠬᠤ ᠦᠭᠡᠢ᠂ ︽ | ᠪᠣᠳᠠᠰ ᠤᠨ ᠪᠤᠰᠤ ᠰᠣᠶᠣᠯ ᠤᠨ ᠥᠪ︾ ︽ᠲᠠᠯ᠎ᠠ ᠨᠤᠲᠤᠭ ᠤᠨ 99 ᠨᠤᠮᠧᠷᠳᠣ ᠵᠠᠰᠠᠮᠠᠯ ᠵᠠᠮ︾ ︽ ᠴᠠᠭᠠᠨ | ᠠᠳᠣᠭᠤᠨ ᠤ ᠨᠤᠲᠤᠭ︾ ᠵᠡᠷᠭᠡ 3 ᠦᠵᠡᠭᠦᠯᠦᠯᠭᠡ ᠶᠢᠨ ᠣᠷᠣᠨ ᠵᠢᠴᠢ ᠪᠡᠶᠡᠴᠢᠯᠡᠨ ᠣᠶᠢᠯᠠᠭᠠᠬᠤ ᠲᠦᠷᠦᠯ ᠵᠦᠢᠯ | ᠬᠤᠪᠢᠶᠠᠵᠤ᠂ ᠤᠷᠤᠨ ᠨᠤᠳᠤᠭ ᠤᠨ ᠢᠶᠠᠨ ᠰᠣᠶᠤᠯ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠬᠢᠭᠰᠡᠨ | ᠪᠠᠶᠢᠨ᠎ᠠ᠃ | ᠦᠵᠡᠭᠦᠯᠦᠯᠭᠡ ᠶᠢᠨ ᠲᠣᠭᠤᠷᠢᠭ ᠲᠤ ᠪᠠᠰᠠ ᠠᠮᠳᠠᠳᠣ ᠢᠳᠠᠬᠡᠨ ᠤ ᠲᠤᠭᠤᠷᠢᠭ᠂ ᠪᠠᠶᠠᠴᠢᠯᠠᠨ ᠦᠢᠯᠠᠭᠠᠬᠤ | ᠲᠤᠭᠤᠷᠢᠭ᠂ ᠬᠦᠯᠢᠶᠠᠨ ᠵᠤᠴᠢᠯᠠᠬᠤ ᠪᠤᠭᠴᠦ᠂ ᠡᠯ᠎ᠠ ᠵᠦᠢᠯ ᠤᠨ ᠭᠠᠷ ᠤᠷᠠᠯᠠᠯ ᠤᠨ ᠪᠦᠳᠦᠬᠡᠯ ᠤᠨ ᠦᠵᠡᠭᠦᠯᠦᠯᠭᠡ | ᠵᠡᠷᠬᠡ ᠶᠢ ᠲᠤᠬᠢᠷᠠᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠢᠳᠠᠬᠡᠨ ᠤᠮᠳᠠᠭᠠᠨ᠂ ᠵᠢᠭᠤᠯᠴᠢᠯᠠᠯ ᠤᠨ | ᠡᠬᠢ ᠪᠠᠶᠠᠯᠢᠭ᠂ ᠰᠣᠶᠤᠯ ᠤᠨ ᠤᠬᠢ ᠰᠣᠳᠣ ᠶᠢ ᠢᠳᠠᠪᠬᠢᠳᠠᠢ ᠤᠬᠠᠭᠤᠯᠤᠨ᠂ ᠤᠯᠤᠰ ᠤᠨ ᠲᠤᠳᠣᠭᠠᠳᠣ ᠭᠠᠳᠠᠭᠠᠳᠣ | ᠶᠢᠨ ᠵᠢᠭᠤᠯᠴᠢᠯᠠᠭᠰᠠᠳ ᠲᠤ ᠪᠠᠷᠠᠭᠤᠨ ᠦᠵᠦᠮᠦᠴᠢᠨ ᠬᠤᠰᠢᠭᠤ ᠪᠠᠨ ᠣᠯᠠᠨ ᠬᠠᠷᠠᠭᠠᠰᠤ ᠠᠴᠠ ᠪᠦᠬᠦ ᠲᠠᠯ᠎ᠠ ᠪᠠᠷ | ᠣᠶᠢᠯᠠᠭᠠᠭᠤᠯᠣᠨ ᠲᠠᠨᠢᠯᠴᠠᠭᠤᠯᠵᠡᠢ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠣᠬᠡᠷ ᠬᠤᠭᠤᠴᠠᠭᠠᠨ ᠤ | ᠲᠠᠯ᠎ᠠ ᠨᠤᠲᠤᠭ ᠤᠨ ᠨᠠᠭᠠᠳᠤᠮ ᠤᠨ ᠬᠤᠭᠤᠴᠠᠭᠠᠨ ᠳᠤ ᠡᠷ᠎ᠡ ᠶᠢᠨ ᠭᠤᠷᠪᠠᠨ ᠨᠠᠭᠠᠳᠣᠮ ᠪᠠ ᠤᠷᠤᠯᠳᠣᠭᠠᠨ | ᠮᠦᠷᠦᠶᠢᠴᠠᠬᠡᠨ ᠶᠠᠪᠤᠭᠳᠠᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠮᠠᠨᠳᠣ ᠪᠥᠬᠡ ᠶᠢᠨ ᠪᠠᠷᠢᠯᠳᠣᠭᠠᠨ ᠳᠤ | ᠳᠡᠳ᠋ᠯᠡᠵᠦ᠂ 6 ᠲᠦᠮᠡᠨ ᠲᠥᠭᠦᠷᠢᠭ ᠤᠨ ᠱᠠᠩᠨᠠᠯ ᠲᠤᠰᠴᠦ᠂ ᠪᠠᠷᠠᠭᠤᠨ ᠦᠵᠦᠮᠦᠴᠢᠨ ᠬᠤᠰᠢᠭᠤᠨ ᠤ | ᠤᠯᠠᠭᠠᠨᠲᠤᠶᠠᠭ᠎ᠠ ᠡᠮᠡᠭᠲᠡᠢ ᠶᠢᠨ ᠪᠦᠬᠡ ᠶᠢᠨ ᠪᠡᠷᠢᠯᠳᠣᠭᠠᠨ ᠳᠤ ᠲᠠᠷᠢᠬᠦᠯᠠᠨ᠂ 5000 ᠲᠥᠭᠦᠷᠢᠭ ᠤᠨ ᠱᠠᠩᠨᠠᠯ | ᠲᠤᠰᠤᠭᠰᠠᠨ ᠪᠠᠶᠢᠨ᠎ᠠ᠃ | | |