︽99 ᠨᠣᠮᠧᠷᠲᠤ  ᠠᠶᠠᠯᠠᠯ ᠤᠨ ᠱᠤᠭᠤᠮ︾︱ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ  ᠤᠨ ᠦᠢᠯᠠᠰ ᠲᠤ ᠬᠦᠴᠦᠨ ᠨᠠᠮᠠᠷᠢᠯᠠᠯ᠎ᠠ
ᠨᠡᠶᠢᠲᠡᠯᠡᠭᠰᠡᠨ ᠴᠠᠭ᠄
2024/7/22
    ᠡᠨᠡ ᠵᠢᠯ᠂ 7 ᠰᠠᠷ᠎ᠠ ᠶᠢᠨ 10 ᠤ ᠡᠳᠦᠷ ᠪᠣᠯᠲᠠᠯ᠎ᠠ ᠪᠠᠷᠠᠭᠤᠨ ᠦᠵᠦᠮᠦᠴᠢᠨ ᠬᠤᠰᠢᠭᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ 36.5 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 2.2 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠢᠯᠡᠳᠲᠡ ᠨᠡᠮᠡᠭᠳᠡᠭᠰᠡᠨ ᠪᠠᠶᠢᠨ᠎ᠠ᠃    ᠡᠨᠡᠬᠦ ᠵᠢᠭᠤᠯᠴᠢᠯᠠᠯ ᠤᠨ ᠦᠢᠯᠠᠰ ᠤᠨ ᠦᠷᠨᠢᠬᠦᠨ ᠭᠦᠭᠵᠢᠯᠳᠠ ᠶᠢᠨ ᠠᠷᠤ ᠳᠤ ᠪᠠᠷᠠᠭᠤᠨ ᠦᠵᠦᠮᠦᠴᠢᠨ ᠬᠤᠰᠢᠭᠤᠨ ᠤ ︽ 99 ᠨᠣᠮᠧᠷᠲᠤ ᠠᠶᠠᠯᠠᠯ ᠤᠨ ᠱᠤᠭᠤᠮ︾ ᠨᠢ ᠤᠯᠤᠰ ᠤᠨ ᠲᠤᠳᠣᠭᠠᠳᠣ ᠭᠠᠳᠠᠭᠠᠳᠣ ᠶᠢᠨ ᠵᠢᠭᠤᠯᠴᠢᠯᠠᠭᠰᠠᠳ ᠤᠨ ᠠᠩᠬᠠᠷᠤᠯ ᠢ  ᠲᠠᠳᠠᠵᠦ᠂ ᠤᠷᠤᠨ ᠨᠤᠳᠤᠭ ᠤᠨ ᠵᠢᠭᠤᠯᠴᠢᠯᠠᠯ ᠤᠨ ᠨᠠᠷ᠎ᠠ ᠠᠯᠳᠠᠷᠰᠢᠯ ᠢ ᠲᠡᠭᠡᠭᠰᠢᠯᠠᠬᠦᠯᠦᠭᠰᠠᠨ ᠳᠤ ᠶᠠᠬᠡᠬᠡᠨ ᠬᠤᠪᠢ ᠨᠠᠮᠠᠷᠢ ᠦᠵᠡᠬᠦᠯᠦᠭᠰᠠᠨ ᠪᠠᠶᠢᠨ᠎ᠠ  ᠃    ︽ᠮᠠᠨ ᠤ ᠭᠡᠷ ᠪᠦᠯᠢ ᠪᠠᠷ ᠢᠶᠠᠨ ᠠᠳᠡ ᠵᠤᠭᠠᠴᠠᠬᠤ ᠪᠠᠷ ᠢᠷᠡᠭᠰᠡᠨ ᠶᠤᠮ᠂ ᠬᠤᠶᠠᠷ ᠡᠳᠦᠷ ᠤᠨ ᠲᠤᠷᠰᠢ ᠪᠢᠳᠡ ︿99 ᠨᠣᠮᠧᠷᠲᠤ ᠵᠠᠰᠠᠮᠠᠯ ᠵᠠᠮ﹀ ᠢ ᠲᠠᠭᠠᠨ ᠠᠭᠤᠯᠠ ᠤᠰᠣ᠂ ᠲᠠᠯ᠎ᠠ ᠨᠤᠳᠤᠭ ᠤᠨ ᠦᠩᠬᠡ ᠦᠵᠡᠮᠵᠢ ᠶᠢ ᠰᠣᠨᠢᠷᠬᠠᠵᠦ᠂ ᠰᠣᠯᠣᠩᠭ᠎ᠠ ᠮᠡᠲᠦ ︿99 ᠨᠣᠮᠧᠷᠲᠤ ᠵᠠᠰᠠᠮᠠᠯ ᠵᠠᠮ﹀ ᠢᠶᠠᠷ ᠠᠶᠠᠯᠠᠭᠠᠳ ᠰᠡᠳᠬᠢᠯ ᠰᠠᠨᠠᠭ᠎ᠠ ᠶᠡᠭᠡ ᠠᠭᠤᠵᠢᠷᠠᠭᠰᠠᠨ ᠡ᠂ ᠲᠤᠩ ᠪᠠᠶᠠᠷᠳᠠᠢ  ᠪᠠᠶᠢᠨ᠎ᠠ  ︾ ᠭᠡᠵᠦ ᠱᠠᠨᠳᠦ᠋ᠩ ᠠᠴᠠ ᠢᠷᠡᠭᠰᠡᠨ ᠵᠤᠭᠠᠴᠠᠭᠴᠢ ᠵᠠᠩ ᠠᠪᠤᠭᠠᠢ ᠰᠡᠳᠬᠢᠯ ᠳᠣᠭᠳᠣᠯᠤᠨ ᠰᠤᠷᠪᠤᠯᠵᠢᠯᠠᠭᠴᠢ ᠳᠤ ᠶᠠᠷᠢᠵᠦ ᠪᠠᠶᠢᠯ᠎ᠠ᠃    ᠪᠠᠷᠠᠭᠤᠨ ᠦᠵᠦᠮᠦᠴᠢᠨ ᠬᠤᠰᠢᠭᠤᠨ ᠤ ︽99 ᠨᠣᠮᠧᠷᠲᠤ ᠠᠶᠠᠯᠠᠯ ᠤᠨ ᠱᠤᠭᠤᠮ︾ ᠳᠠᠭᠠᠤ ᠥᠩᠭᠡ ᠦᠵᠡᠮᠵᠢ ᠦᠵᠡᠰᠬᠦᠯᠡᠩ ᠰᠠᠶᠢᠬᠠᠨ ᠪᠠᠶᠢᠵᠤ᠂ ᠲᠤᠰ ᠵᠠᠮ ᠢᠶᠠᠷ ᠠᠶᠠᠯᠬᠤ ᠳᠤ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠯᠵᠤ ᠬᠠᠷᠠᠬᠤ ᠪᠠᠷ ᠪᠠᠷᠠᠬᠤ ᠦᠭᠡᠢ᠂ ᠲᠠᠯ᠎ᠠ ᠨᠤᠲᠤᠭ ᠢ ᠪᠠᠶᠠᠴᠢᠯᠠᠨ ᠦᠢᠯᠠᠭᠠᠬᠤ᠂ ᠳᠤᠭᠤᠢ ᠤᠨᠤᠬᠤ᠂ ᠠᠯᠬᠤᠬᠤ᠂ ᠮᠠᠰᠢᠨ ᠲᠠᠢ ᠠᠶᠠᠯᠠᠬᠤ ᠳᠤ ᠴᠤ ᠮᠠᠰᠢ ᠲᠣᠬᠢᠷᠠᠮᠵᠢᠲᠠᠢ ᠪᠠᠶᠢᠳᠠᠭ᠃    ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠲᠣᠮᠣ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠠᠪᠤᠭᠳᠠᠭᠤᠯᠬᠤ ᠳᠠᠭᠠᠨ ︽99 ᠨᠣᠮᠧᠷᠲᠤ ᠠᠶᠠᠯᠠᠯ ᠤᠨ ᠱᠤᠭᠤᠮ︾ ᠢᠶᠠᠷ ᠭᠤᠤᠯ ᠰᠠᠳᠣᠪ ᠪᠤᠯᠭᠠᠨ᠂ ᠲᠤᠰ ᠠᠶᠠᠯᠠᠯ ᠤᠨ ᠱᠤᠭᠤᠮ ᠤᠨ ᠨᠦᠯᠤᠬᠡᠯᠡᠬᠦ ᠬᠦᠴᠦᠨ ᠪᠤᠯᠤᠨ ᠨᠠᠷ᠎ᠠ ᠠᠯᠳᠠᠷᠰᠢᠯ ᠢ ᠲᠡᠭᠡᠭᠰᠢᠯᠠᠬᠦᠯᠦᠭᠰᠠᠨ ᠢᠶᠠᠷ ᠪᠠᠷᠠᠬᠤ ᠦᠭᠡᠢ ᠤᠷᠤᠨ ᠨᠤᠳᠤᠭ ᠤᠨ ᠵᠤᠴᠢᠳ ᠤᠨ ᠪᠠᠭᠤᠳᠠᠯ᠂ ᠬᠤᠭᠤᠯᠠᠨ ᠬᠡᠷ᠂ ᠤᠨᠴᠠᠯᠢᠭᠳᠣ ᠢᠳᠠᠬᠡᠨ ᠤᠮᠳᠠᠭᠠᠨ ᠵᠡᠷᠬᠡ ᠳᠤ ︽99 ᠨᠣᠮᠧᠷᠲᠤ ᠠᠶᠠᠯᠠᠯ ᠤᠨ ᠱᠤᠭᠤᠮ︾ ᠤᠨ ᠲᠡᠮᠳᠡᠭ ᠢ ᠲᠤᠬᠢᠷᠠᠭᠤᠯᠤᠨ᠂ ᠰᠣᠶᠤᠯ ᠤᠨ ᠠᠭᠤᠰᠣᠯᠴᠠᠯ ᠢ ᠠᠬᠢᠭᠤᠯᠤᠭᠰᠠᠨ ᠪᠠᠶᠢᠨ᠎ᠠ᠃    ᠪᠠᠯᠭᠠᠷᠭᠤᠤᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠠᠷᠬᠠᠷᠳᠠᠨᠢ ᠬᠡᠯᠡᠬᠦ ᠳᠡᠭᠡᠨ᠂ ᠬᠤᠶᠢᠰᠢᠳᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠢᠴᠢ ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ︽99 ᠨᠣᠮᠧᠷᠲᠤ ᠠᠶᠠᠯᠠᠯ ᠤᠨ ᠱᠤᠭᠤᠮ︾ ᠤᠨ ᠡᠯᠧᠮᠧᠨ᠋ᠲ ᠢ ᠢᠯᠡᠭᠦᠦ ᠠᠭᠤᠰᠤᠯᠴᠠᠭᠤᠯᠵᠤ᠂ ᠪᠠᠯᠭᠠᠷᠭᠤᠤᠯ  ᠪᠠᠯᠭᠠᠰᠤ ᠪᠠᠨ ︽99 ᠨᠣᠮᠧᠷᠲᠤ ᠠᠶᠠᠯᠠᠯ ᠤᠨ ᠱᠤᠭᠤᠮ︾ ᠤᠨ ᠬᠠᠮᠤᠭ ᠤᠨ ᠰᠠᠶᠢᠬᠠᠨ ᠠᠶᠠᠯᠠᠨ ᠵᠤᠭᠠᠴᠠᠬᠤ᠂ ᠠᠮᠠᠷᠠᠨ ᠰᠠᠯᠠᠬᠦᠴᠠᠬᠦ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠭᠡᠵᠡᠢ᠃    ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤ ᠨᠢ ᠡᠯ᠎ᠡ ᠲᠦᠷᠦᠯ ᠤᠨ ᠰᠢᠷᠢᠰ ᠠᠵᠢᠯᠯᠠᠭ᠎ᠠ ᠪᠣᠯᠣᠨ ᠲᠠᠨᠢᠯᠴᠠᠭᠤᠯᠭ᠎ᠠ ᠶᠢᠨ ᠬᠤᠷᠠᠯ ᠢ ᠦᠷᠭᠦᠯᠵᠢᠯᠡᠨ ᠡᠷᠬᠢᠯᠡᠵᠦ᠂ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠥᠪᠯᠡᠬᠦ᠂ ︽ᠭᠠᠳᠠᠭᠰᠢ ᠭᠠᠷᠭᠠᠬᠤ᠂ ᠤᠷᠢᠵᠤ ᠠᠪᠴᠢᠷᠠᠬᠤ︾ ᠵᠡᠷᠭᠡ ᠠᠯᠢ ᠤᠯᠠᠨ ᠨᠠᠷᠢᠨ ᠣᠨᠣᠪᠴᠢᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠰᠠᠶᠢᠲᠤᠷ ᠬᠢᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠢᠨ‌‍ᠰᠢᠨ᠎ᠡ ᠬᠥᠳᠡᠯᠭᠡᠬᠦ ᠬᠦᠴᠦᠨ ᠢ ᠨᠡᠮᠡᠭᠳᠠᠬᠦᠯᠬᠦ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号