ᠪᠠᠶᠠᠨᠲᠠᠯ᠎ᠠ ᠭᠠᠴᠠᠭ᠎ᠠ ᠬᠠᠷᠢᠯᠴᠠᠨ ᠬᠤᠯᠪᠤᠭᠠᠯᠠᠵᠦ ᠬᠠᠷᠢᠯᠴᠠᠨ ᠨᠦᠬᠦᠪᠦᠷᠢᠯᠡᠬᠦ ᠵᠠᠭᠪᠤᠷ ᠢᠶᠠᠷ ᠲᠡᠵᠢᠭᠡᠯ ᠡᠪᠡᠰᠦᠨ ᠤ ᠬᠠᠩᠭᠠᠯᠭ᠎ᠠ ᠪᠠᠨ ᠦᠷᠭᠡᠳᠬᠡᠨ ᠦᠢᠯᠡᠳᠪᠦᠷᠢᠯᠡᠯ ᠤᠨ ᠦᠷ᠎ᠡ ᠠᠰᠢᠭ ᠢᠶᠠᠨ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/7/22
    ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠪᠠᠶᠠᠨᠲᠠᠯ᠎ᠠ ᠭᠠᠴᠠᠭ᠎ᠠ ᠨᠢ ᠬᠠᠷᠢᠯᠴᠠᠨ ᠬᠤᠯᠪᠤᠭᠠᠯᠠᠵᠦ ᠲᠤᠳᠠᠭᠳᠠᠯ ᠢᠶᠠᠨ ᠨᠦᠬᠦᠪᠦᠷᠢᠯᠡᠬᠦ ᠡᠵᠡᠩᠨᠡᠯᠳᠡ ᠶᠢᠨ ᠠᠷᠭ᠎ᠠ ᠵᠠᠮ ᠢᠶᠠᠷ ᠮᠢᠬᠠᠨ ᠤ ᠦᠬᠡᠷ᠂ ᠡᠪᠡᠰᠦ ᠪᠣᠷᠳᠣᠭᠠᠨ ᠤ ᠠᠵᠤ ᠦᠢᠯᠡᠰ ᠵᠡᠷᠭᠡ ᠣᠲᠣ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠲᠡᠵᠢᠭᠡᠯ ᠡᠪᠡᠰᠦᠨ ᠤ ᠬᠠᠩᠭᠠᠯᠭ᠎ᠠ ᠪᠠᠨ ᠦᠷᠭᠡᠳᠬᠡᠨ ᠦᠢᠯᠡᠳᠪᠦᠷᠢᠯᠡᠯ ᠤᠨ ᠦᠷ᠎ᠡ ᠠᠰᠢᠭ ᠢᠶᠠᠨ ᠲᠡᠭᠡᠭᠰᠢᠯᠡᠬᠦᠯᠵᠦ ᠪᠠᠶᠢᠨ᠎ᠠ᠃    ᠪᠠᠶᠠᠨᠲᠠᠯ᠎ᠠ  ᠭᠠᠴᠠᠭᠠᠨ ᠤ ᠬᠤᠯᠢᠮᠠᠭ ᠲᠡᠵᠢᠭᠡᠯ ᠡᠪᠡᠰᠦᠨ ᠤ ᠦᠢᠯᠡᠳᠪᠦᠷᠢ ᠪᠤᠯ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠪᠠᠶᠠᠨᠲᠠᠯ᠎ᠠ ᠭᠠᠴᠠᠭ᠎ᠠ᠂ ᠲᠦᠷᠪᠡᠯᠵᠢ ᠭᠠᠴᠠᠭ᠎ᠠ᠂ ᠬᠠᠯᠢᠭᠤᠳᠤ ᠭᠠᠴᠠᠭ᠎ᠠ ᠬᠠᠮᠳᠤᠷᠠᠨ ᠪᠠᠶᠢᠭᠤᠯᠤᠭᠰᠠᠨ ᠬᠤᠯᠢᠮᠠᠭ ᠲᠡᠵᠢᠭᠡᠯ ᠡᠪᠡᠰᠦ ᠦᠢᠯᠡᠳᠪᠦᠷᠢᠯᠡᠵᠦ ᠪᠤᠷᠤᠯᠠᠭᠤᠯᠬᠤ ᠰᠠᠭᠤᠷᠢᠨ ᠪᠤᠯᠤᠨ᠎ᠠ᠃ ᠲᠤᠰ ᠦᠢᠯᠡᠳᠪᠦᠷᠢ ᠨᠢ ᠤᠶᠢᠷ᠎ᠠ ᠳᠤ ᠠᠰᠢᠭᠯᠠᠯᠳᠠ ᠳᠤ ᠤᠷᠤᠵᠤ᠂ ᠭᠠᠴᠠᠭᠠᠨ ᠤ ᠤᠬᠤᠷ ᠬᠤᠭᠤᠴᠠᠭᠠᠨ ᠳᠤ ᠪᠤᠷᠳᠤᠨ ᠲᠡᠵᠢᠭᠡᠬᠦ ᠰᠠᠭᠤᠷᠢᠨ ᠪᠠ ᠤᠶᠢᠷ᠎ᠠ ᠬᠠᠪᠢ ᠶᠢᠨ ᠮᠠᠯᠴᠢᠳ ᠲᠠᠭᠠᠨ ᠦᠷᠳᠡᠭ ᠲᠤᠤᠷ᠎ᠠ ᠬᠤᠯᠢᠮᠠᠭ ᠲᠡᠵᠢᠭᠡᠯ ᠡᠪᠡᠰᠦ ᠬᠠᠩᠭᠠᠬᠤ ᠪᠤᠯᠪᠠ᠃    ᠪᠠᠶᠠᠨᠲᠠᠯ᠎ᠠ ᠭᠠᠴᠠᠭ᠎ᠠ ᠨᠢ ᠣᠶᠢᠷ᠎ᠠ ᠶᠢᠨ ᠵᠢᠯ ᠳᠤ ᠡᠪᠡᠰᠦ ᠪᠤᠷᠳᠤᠭᠠᠨ ᠤ ᠦᠨ᠎ᠡ ᠦᠰᠦᠭᠰᠡᠨ ᠪᠠ ᠮᠠᠯ ᠤᠨ ᠦᠨ᠎ᠡ ᠬᠠᠩᠰᠢ ᠲᠤᠤᠷ᠎ᠠ ᠪᠠᠶᠢᠳᠠᠯ ᠳᠤ ᠬᠠᠨᠳᠤᠭᠤᠯᠤᠨ ᠰᠢᠨ᠎ᠡ ᠬᠡᠯᠪᠡᠷᠢ ᠶᠢᠨ ᠡᠷᠴᠢᠮᠵᠢᠭᠰᠡᠨ ᠮᠠᠯ ᠠᠵᠤ ᠠᠬᠤᠢ ᠶᠢᠨ ᠬᠡᠯᠪᠡᠷᠢ ᠶᠢ ᠢᠳᠡᠪᠬᠢᠳᠡᠢ ᠰᠦᠪᠡᠭᠴᠢᠯᠡᠵᠦ᠂ 1200 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠫᠧᠩ ᠰᠠᠷᠠᠪᠴᠢ ᠪᠠ ᠮᠠᠯᠵᠢᠬᠤ ᠦᠢᠯᠡᠳᠪᠦᠷᠢᠯᠡᠯ ᠤᠨ ᠮᠠᠰᠢᠨ ᠲᠥᠬᠦᠭᠡᠷᠦᠮᠵᠢ ᠶᠢ ᠪᠦᠷᠢᠨᠰᠢᠭᠦᠯᠪᠡ᠃ ᠡᠨᠡᠬᠦ ᠰᠠᠭᠤᠷᠢᠨ ᠳᠡᠭᠡᠷ᠎ᠡ᠂ ᠡᠨᠡ ᠵᠢᠯ᠂ ᠲᠤᠰ ᠭᠠᠴᠠᠭ᠎ᠠ ᠨᠢ ᠨᠠᠮ ᠤᠨ ᠪᠠᠶᠢᠭᠤᠯᠤᠯᠲᠠ ᠪᠠᠷ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠭᠠᠴᠠᠭᠠᠨ ᠤ ᠬᠤᠪᠢᠴᠠᠭᠠᠳᠤ ᠠᠵᠤ ᠠᠬᠤᠢ ᠶᠢᠨ ᠬᠤᠷᠰᠢᠶᠠᠵᠢᠯ ᠳᠤ ᠰᠢᠯᠢᠳᠡᠭ ᠡᠭᠦᠯᠳᠡᠷ ᠤᠨ ᠡᠷ᠎ᠡ ᠲᠤᠭᠤᠯ ᠢ ᠤᠬᠤᠷ ᠬᠤᠭᠤᠴᠠᠭᠠᠨ ᠳᠤ ᠪᠤᠷᠳᠤᠨ ᠲᠠᠷᠭᠤᠯᠠᠭᠤᠯᠬᠤ ᠰᠠᠭᠤᠷᠢᠨ ᠪᠠᠶᠢᠭᠤᠯᠵᠤ᠂ ᠡᠳᠦᠭᠡ ᠣᠶᠢᠷ᠎ᠠ ᠬᠠᠪᠢ ᠶᠢᠨ ᠮᠠᠯᠴᠢᠨ ᠡᠷᠦᠬᠡ ᠶᠢᠨ 30 ᠭᠠᠷᠤᠢ ᠲᠤᠭᠤᠯ ᠢ ᠪᠤᠷᠳᠤᠨ ᠲᠡᠵᠢᠭᠡᠵᠦ᠂ ᠪᠠᠷᠢᠮᠵᠢᠶ᠎ᠠ ᠳᠤ ᠭᠦᠷᠦᠭᠰᠡᠨ ᠤ ᠳᠠᠷᠠᠭ᠎ᠠ ᠬᠤᠰᠢᠭᠤᠨ ᠤ ᠪᠠᠨ ᠲᠣᠭᠲᠠᠭᠰᠠᠨ ᠭᠠᠵᠠᠷ ᠲᠤ ᠬᠦᠷᠭᠡᠵᠦ ᠪᠤᠷᠤᠯᠠᠭᠤᠯᠬᠤ ᠪᠠᠷ ᠪᠠᠶᠢᠨ᠎ᠠ᠃    ᠤᠬᠤᠷ ᠬᠤᠭᠤᠴᠠᠭᠠᠨ ᠳᠤ ᠪᠤᠷᠳᠤᠨ ᠲᠠᠷᠭᠤᠯᠠᠭᠤᠯᠬᠤ ᠰᠠᠭᠤᠷᠢᠨ ᠢᠶᠠᠨ ᠪᠠᠶᠢᠭᠤᠯᠤᠭᠰᠠᠨ ᠤ ᠲᠠᠷᠠᠭ᠎ᠠ᠂ ᠪᠠᠶᠠᠠᠳᠠᠯ᠎ᠠ ᠭᠠᠴᠠᠭ᠎ᠠ ᠨᠢ ᠬᠠᠷᠢᠯᠴᠠᠨ ᠬᠤᠯᠪᠤᠭᠠᠯᠠᠵᠦ ᠲᠤᠳᠠᠭᠳᠠᠯ ᠢᠶᠠᠨ ᠨᠦᠬᠦᠪᠦᠷᠢᠯᠡᠬᠦ ᠠᠷᠭ᠎ᠠ ᠵᠠᠮ ᠬᠠᠶᠢᠨ ᠰᠦᠪᠡᠭᠴᠢᠯᠡᠵᠦ᠂ ᠭᠤᠷᠪᠠᠨ ᠭᠠᠴᠠᠭ᠎ᠠ ᠬᠠᠮᠳᠤᠷᠠᠨ ᠬᠠᠮᠲᠤ ᠶᠢᠨ ᠠᠵᠤ ᠠᠬᠤᠢ ᠶᠢᠨ ᠨᠦᠬᠦᠴᠡᠯ ᠢᠶᠠᠨ ᠦᠨᠳᠦᠰᠦᠯᠡᠨ ᠪᠡᠯᠡ ᠮᠥᠩᠭᠦ᠂ ᠮᠠᠯ ᠤᠨᠤᠭ᠎ᠠ᠂ ᠬᠥᠳᠡᠯᠮᠦᠷᠢ ᠬᠦᠴᠦ ᠪᠠᠷ ᠬᠤᠪᠢ ᠣᠷᠣᠬᠤ ᠬᠡᠯᠪᠡᠷᠢ ᠪᠠᠷ 132 ᠲᠦᠮᠡᠨ ᠲᠥᠭᠦᠷᠢᠭ ᠤᠨ ᠪᠡᠯᠡ ᠬᠤᠷᠠᠮᠳᠤᠭᠤᠯᠵᠤ᠂ 2000 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠡᠳᠦᠷ ᠲᠤ 30 ᠲᠣᠨ ᠬᠤᠯᠢᠮᠠᠭ ᠲᠡᠵᠢᠭᠡᠯ ᠡᠪᠡᠰᠦ ᠦᠢᠯᠡᠳᠪᠦᠷᠢᠯᠡᠬᠦ ᠴᠢᠳᠠᠪᠬᠢ ᠲᠠᠢ ᠦᠢᠯᠡᠳᠪᠦᠷᠢ ᠶᠢ ᠪᠠᠶᠢᠭᠤᠯᠪᠠ᠃ ᠡᠭᠦᠨ ᠤ ᠬᠠᠮᠳᠤ᠂ ᠳᠡᠭᠡᠳᠦ ᠱᠠᠲᠤᠨ ᠤ ᠭᠠᠩ ᠬᠠᠭᠰᠠᠷᠠᠭᠠᠨ ᠢ ᠰᠡᠷᠭᠡᠶᠢᠯᠡᠨ ᠠᠷᠭᠠᠴᠠᠭᠠᠬᠤ ᠬᠤᠯᠪᠣᠭᠳᠠᠯ ᠪᠦᠬᠦᠢ ᠨᠥᠬᠦᠪᠦᠷᠢ  ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ 2000 ᠲᠥᠭᠦᠷᠢᠭ ᠤᠨ ᠨᠦᠬᠦᠪᠦᠷᠢ ᠶᠢᠨ ᠪᠠᠷᠢᠮᠵᠢᠶ᠎ᠠ ᠪᠠᠷ ᠡᠷᠦᠬᠡ ᠪᠦᠷᠢ ᠳᠤ 10 ᠲᠣᠨ ᠬᠤᠯᠢᠮᠠᠭ ᠲᠡᠵᠢᠭᠡᠯ ᠡᠪᠡᠰᠦ ᠶᠢ ᠪᠤᠰᠤᠳ ᠰᠦᠢᠳᠬᠡᠯ ᠬᠤᠷᠢᠶᠠᠬᠤ ᠦᠭᠡᠢ ᠪᠠᠷ ᠤᠯᠭᠤᠬᠤ ᠪᠠᠷ ᠪᠠᠶᠢᠵᠤ᠂ ᠭᠠᠩ ᠬᠠᠭᠰᠠᠷᠠᠭᠠᠨ ᠠᠴᠠ ᠪᠣᠯᠤᠭᠰᠠᠨ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠮᠠᠯᠴᠢᠳ ᠲᠤ ᠦᠨ᠎ᠡ ᠬᠢᠮᠳᠠ᠂ ᠶᠠᠰᠤ ᠴᠢᠨᠠᠷ ᠤᠨ ᠪᠠᠲᠤᠯᠠᠭ᠎ᠠ ᠲᠠᠢ ᠲᠡᠵᠢᠭᠡᠯ ᠡᠪᠡᠰᠦ ᠬᠠᠩᠭᠠᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号