ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷᠠᠭᠤᠨ ᠦᠵᠦᠮᠦᠴᠢᠨ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2024/7/23
   ᠠᠭᠤᠤ ᠶᠡᠭᠡ ᠴᠠᠭ ᠦᠶ᠎ᠡ ᠠᠭᠤᠤ ᠶᠡᠭᠡ ᠦᠵᠡᠯ ᠰᠠᠨᠠᠭ᠎ᠠ ᠶᠢ ᠬᠦᠮᠦᠵᠢᠭᠦᠯᠵᠦ᠂ ᠠᠭᠤᠤ ᠶᠡᠭᠡ ᠦᠵᠡᠯ ᠰᠠᠨᠠᠭ᠎ᠠ ᠠᠭᠤᠤ ᠶᠡᠭᠡ ᠠᠶᠠᠨ ᠵᠠᠮ ᠢ ᠬᠥᠲᠥᠯᠥᠨ ᠳᠠᠭᠠᠭᠤᠯᠤᠨ᠎ᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ 2024 ᠣᠨ ᠤ 7 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠵᠤ᠂ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠪᠠ᠃ 7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠳᠤᠮᠳᠠᠳᠤ ᠤᠯᠤᠰ ᠤᠨ ᠡᠪ ᠬᠠᠮᠲᠤ ᠨᠠᠮ  ᠤᠨ ᠲᠥᠪ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠨᠢᠯᠴᠠᠭᠤᠯᠤᠨ ᠲᠠᠶᠢᠯᠪᠤᠷᠢᠯᠠᠭᠰᠠᠨ ᠪᠠᠶᠢᠨ᠎ᠠ ᠃ ᠪᠠᠷᠠᠭᠤᠨ ᠦᠵᠦᠮᠦᠴᠢᠨ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠭᠠᠷ ᠤᠲᠠᠰᠤ᠂ ᠲᠧᠯᠸᠢᠰ᠂ ᠷᠠᠳᠢᠣ᠋᠂ ᠰᠦᠯᠵᠢᠶ᠎ᠡ ᠵᠡᠷᠭᠡ ᠠᠷᠭ᠎ᠠ ᠵᠠᠮ ᠢᠶᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠨ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ  ᠶᠢ ᠰᠣᠨᠣᠰᠤᠨ᠂ ᠴᠢᠩᠭ᠎ᠠ ᠲᠤᠰᠬᠠᠯ ᠭᠠᠷᠪᠠ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠣᠶᠢᠯᠠᠭᠠᠵᠤ᠂ ᠪᠣᠳᠠᠲᠠᠢ ᠨᠠᠶᠢᠳᠠᠪᠤᠷᠢᠵᠢᠭᠤᠯᠤᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠤᠷᠤᠭᠰᠢᠯᠠᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢᠶᠠᠨ ᠪᠣᠯᠭᠠᠵᠤ᠂ ᠰᠡᠳᠬᠢᠯ ᠬᠦᠴᠦ ᠪᠠᠨ ᠬᠠᠮᠲᠤᠳᠬᠠᠨ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠢᠯᠡᠳᠬᠡᠵᠡᠭᠡᠪᠡ᠃     ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠦᠯᠢᠶᠡᠨ ᠠᠪᠴᠤ ᠦᠵᠡᠬᠦ ᠳᠡᠭᠡᠨ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠭᠤᠣᠯ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠢᠦᠢ ᠵᠢᠶᠠᠨ ᠬᠤᠸᠠ ᠲᠠᠶᠢᠯᠪᠤᠷᠢᠯᠠᠯᠲᠠ ᠶᠢ ᠰᠣᠨᠣᠰᠬᠤ ᠶᠢᠨ ᠳᠠᠭᠠᠤ ᠭᠤᠣᠯᠳᠠᠯᠭ᠎ᠠ ᠶᠢ ᠨᠢ ᠲᠡᠮᠳᠡᠭᠯᠡᠵᠦ ᠪᠠᠶᠢᠯ᠎ᠠ᠃ ᠪᠦᠭᠦᠳᠡ ᠬᠤᠷᠠᠯ ᠤᠨ ᠠᠯᠪᠠᠨ ᠮᠡᠳᠡᠭᠡ ᠳᠤ ᠳᠤᠷᠠᠳᠤᠭᠰᠠᠨ ︽ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠨᠡᠨᠬᠦ ᠰᠠᠶᠢᠲᠤᠷ ᠠᠳᠬᠤᠬᠤ︾᠂ ︽ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ ᠪᠦᠷᠢᠨᠰᠢᠭᠦᠯᠬᠦ︾ ᠵᠡᠷᠭᠡ ᠠᠭᠤᠯᠭ᠎ᠠ ᠨᠢ ᠲᠡᠭᠦᠨ ᠤ ᠠᠩᠬᠠᠷᠤᠯ ᠢ ᠣᠨᠴᠠ ᠲᠠᠲᠠᠵᠠᠢ᠃ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠮᠠᠨ ᠤ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯ ᠢ ᠥᠷᠨᠢᠭᠦᠯᠬᠦ ᠳᠤ ᠲᠣᠳᠣᠷᠬᠠᠢ ᠴᠢᠭᠯᠡᠯ ᠢ ᠵᠢᠭᠠᠵᠤ ᠥᠭᠴᠡᠢ᠂ ᠪᠢᠳᠡ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠨᠣᠪᠴᠢᠲᠠᠢ ᠨᠠᠷᠢᠯᠢᠭᠵᠢᠭᠤᠯᠬᠤ ᠶᠢ ᠠᠬᠢᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠣᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ︾ ᠭᠡᠵᠦ ᠲᠡᠷᠡ ᠢᠯᠡᠳᠬᠡᠪᠡ᠃    ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠪᠠᠶᠠᠨᠲᠠᠯ᠎ᠠ ᠭᠠᠴᠠᠭᠠᠨ ᠤ ᠮᠠᠯᠴᠢᠨ ᠥᠯᠵᠡᠶᠢᠮᠡᠨᠳᠦ ᠭᠡᠷ ᠤᠨ ᠬᠥᠮᠥᠰ ᠲᠠᠢ ᠪᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠨ᠂ ︽ᠦᠨᠳᠦᠰᠦᠨ ᠱᠠᠲᠤᠨ ᠤ ᠨᠠᠮ ᠤᠨ ᠭᠡᠰᠢᠭᠦᠨ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠪᠣᠯᠤᠭᠰᠠᠨ ᠤ ᠬᠤᠪᠢ ᠳᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠰᠤᠷᠤᠯᠴᠠᠬᠤ᠂ ᠭᠦᠨᠵᠡᠭᠡᠢ ᠰᠤᠷᠤᠯᠴᠠᠬᠤ᠂ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠡᠭᠦᠷ ᠪᠣᠯᠣᠨ ᠮᠠᠯᠴᠢᠨ ᠲᠦᠮᠡᠨ ᠤ ᠳᠤᠮᠳᠠᠬᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠤᠯᠠᠨ ᠲᠦᠮᠡᠨ ᠲᠠᠢ ᠬᠠᠷᠢᠯᠴᠠᠨ᠂ ᠤᠯᠠᠨ ᠲᠦᠮᠡᠨ ᠳᠤ ᠦᠢᠯᠡᠴᠢᠯᠡᠵᠦ᠂ ᠨᠠᠮ ᠤᠨ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢ ᠮᠠᠯᠵᠢᠬᠤ ᠣᠷᠣᠨ ᠳᠤ ᠤᠬᠠᠭᠤᠯᠤᠨ᠎ᠠ︾ ᠭᠡᠵᠦ ᠢᠯᠡᠳᠬᠡᠪᠡ᠃    ᠪᠠᠶᠠᠩᠭᠤᠣᠯ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠢᠤᠢ ᠵᠢᠶᠠᠨ ᠬᠤᠸᠠ  ᠄ ︽ᠨᠠᠮ ᠤᠨ 20 ᠳ᠋ᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ   ᠨᠢ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠥᠷᠭᠡᠴᠡ ᠪᠠ ᠭᠦᠨᠴᠡ ᠶᠢ ᠤᠯᠠᠮ ᠴᠢᠨᠠᠭᠰᠢᠳᠠ ᠠᠬᠢᠭᠤᠯᠬᠤ ᠳᠤ  ᠪᠠᠰᠠ ᠨᠢᠭᠡ ᠤᠳᠠᠭᠠᠨ ᠤ ᠶᠡᠷᠦᠩᠬᠡᠢ ᠳᠠᠶᠢᠴᠢᠯᠠᠯᠲᠠ ᠪᠠ ᠶᠡᠷᠦᠩᠬᠡᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠪᠥᠬᠦᠳᠡ ᠬᠤᠷᠠᠯ ᠤᠨ ᠠᠯᠪᠠᠨ ᠮᠡᠳᠡᠭᠡ ᠳᠤ ᠳᠤᠷᠠᠳᠤᠭᠰᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠨᠡᠨ ᠬᠦ ᠰᠠᠶᠢᠲᠤᠷ ᠠᠳᠬᠤᠬᠤ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ ᠲᠡᠭᠦᠯᠳᠡᠷᠵᠢᠭᠦᠯᠬᠦ ᠵᠡᠷᠭᠡ ᠠᠭᠤᠯᠭ᠎ᠠ ᠨᠢ ᠮᠠᠨ ᠤ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯ ᠥᠷᠨᠢᠭᠦᠯᠬᠦ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂  ᠠᠷᠠᠳ ᠲᠦᠮᠡᠨ ᠳᠤ ᠦᠢᠯᠡᠴᠢᠯᠡᠬᠦ ᠠᠳᠠᠯ ᠠᠬᠤᠢ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠨᠣᠪᠴᠢᠲᠠᠢ ᠨᠠᠷᠢᠯᠢᠭᠵᠢᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠣᠨ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠦᠨ᠎ᠡ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号