ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ ᠨᠠᠶᠢᠷᠠᠭ ᠴᠠᠯᠬᠢᠯᠠᠭᠰᠠᠨ ᠤᠮᠠᠷᠠᠳᠤ ᠬᠢᠯᠢ︾  ᠱᠠᠩᠨᠠᠯᠲᠤ  ᠡᠬᠡ ᠪᠢᠴᠢᠭ ᠡᠯᠰᠡᠬᠦ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/7/23
     2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ‌ᠤᠬᠠᠭᠤᠯᠵᠤ᠂ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ  ᠬᠦᠴᠦᠯᠡᠨ ᠠᠬᠢᠭᠤᠯᠵᠤ᠂ ᠤᠳᠬ᠎ᠠ ᠵᠣᠬᠢᠶᠠᠯ ᠳᠤ ᠪᠠᠭ᠋ᠠᠲᠠᠢ ᠬᠥᠮᠥᠰ ᠢ ᠵᠣᠷᠢᠭᠵᠢᠭᠤᠯᠤᠨ ᠵᠢᠯᠤᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠰᠣᠶᠣᠯ ᠤᠨ ᠡᠭᠦᠷᠭᠡ ᠬᠠᠷᠢᠭᠤᠴᠠᠯᠭ᠎ᠠ  ᠶᠢ ᠡᠭᠦᠷᠭᠡᠯᠡᠭᠦᠯᠵᠦ᠂ ᠵᠣᠬᠢᠶᠠᠨ ᠪᠦᠲᠦᠭᠡᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠳᠣᠨ ᠪᠦᠲᠦᠭᠡᠯ  ᠢᠶᠠᠷ ᠢᠶᠠᠨ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠯᠤᠲᠤ ᠶᠡᠭᠡ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠬᠠᠷᠠᠭᠤᠯᠵᠤ᠂  ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠤ ᠰᠢᠯᠢᠳᠡᠭ ᠰᠠᠶᠢᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠪᠠᠷᠠᠭᠤᠨ ᠦᠵᠦᠮᠦᠴᠢᠨ ᠬᠤᠰᠢᠭᠤᠨ ᠤ ᠵᠣᠬᠢᠶᠠᠯᠴᠢᠳ ᠤᠨ ᠡᠪᠯᠡᠯ ᠬᠠᠮᠲᠤᠷᠠᠨ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ ᠨᠠᠶᠢᠷᠠᠭ ᠴᠠᠯᠬᠢᠯᠠᠭᠰᠠᠨ ᠤᠮᠠᠷᠠᠳᠤ ᠬᠢᠯᠢ︾  ᠱᠠᠩᠨᠠᠯᠲᠤ  ᠡᠬᠡ ᠪᠢᠴᠢᠭ ᠡᠯᠰᠡᠬᠦ ᠠᠵᠢᠯᠯᠠᠭ᠎ᠠ ᠶᠢ ᠥᠷᠨᠢᠭᠦᠯᠬᠦ  ᠪᠠᠷ ᠪᠠᠶᠢᠨ᠎ᠠ᠃    ᠨᠢᠭᠡ᠂  ᠭᠤᠣᠯ ᠰᠡᠳᠦᠪ    ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ ᠨᠠᠶᠢᠷᠠᠭ ᠴᠠᠯᠬᠢᠯᠠᠭᠰᠠᠨ ᠤᠮᠠᠷᠠᠳᠤ ᠬᠢᠯᠢ︾ ᠭᠤᠣᠯ ᠰᠡᠳᠦᠪ ᠤᠨ ᠲᠤᠭᠤᠷᠢᠨ ᠳᠤ᠂ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠤᠷᠠᠨ ᠵᠣᠬᠢᠶᠠᠯ ᠤᠨ ᠪᠦᠲᠦᠭᠡᠯ ᠢᠶᠠᠷ ᠳᠠᠮᠵᠢᠭᠤᠯᠤᠨ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ  ᠪᠠᠶᠢᠭ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ ᠪᠠᠶᠢᠭ᠎ᠠ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠴᠢᠷᠮᠠᠶᠢᠨ ᠡᠭᠦᠳᠴᠦ ᠪᠠᠶᠢᠭ᠎ᠠ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠣᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠲᠤᠰᠬᠠᠵᠤ᠂ ᠦᠵᠦᠮᠦᠴᠢᠨ ᠨᠣᠲᠤᠭ ᠤᠨ ᠦᠯᠢᠭᠡᠷ ᠢ ᠰᠠᠶᠢᠲᠤᠷ ᠶᠠᠷᠢᠵᠤ᠂  ᠨᠤᠲᠤᠭ ᠣᠰᠣᠨ ᠤ ᠪᠠᠨ ᠵᠥᠪ ᠲᠠᠯ᠎ᠠ ᠶᠢᠨ ᠳᠦᠷᠢ ᠲᠥᠷᠬᠦ ᠶᠢ ᠰᠠᠶᠢᠲᠤᠷ ᠱᠣᠭᠤᠵᠣ᠂ ᠥᠷᠭᠡᠨ ᠤᠯᠠᠨ ᠠᠷᠠᠳ ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠤᠲᠤᠭ ᠤᠰᠤ ᠪᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠭᠦᠨᠵᠡᠭᠡᠶᠢᠷᠡᠬᠦᠯᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠤᠢ  ᠪᠣᠯᠭᠠᠨ᠎ᠠ᠃    ᠬᠤᠶᠠᠷ᠂ ᠵᠣᠬᠢᠶᠠᠨ ᠪᠠᠶᠢᠭᠤᠯᠤᠯᠲᠠ    ᠭᠤᠣᠯᠯᠠᠨ ᠡᠷᠬᠢᠯᠡᠬᠦ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ  ᠬᠢᠨ ᠤ ᠬᠤᠯᠪᠣᠭᠠᠲᠤ ᠬᠤᠷᠠᠯ    ᠳᠠᠭᠠᠭᠠᠨ  ᠭᠦᠢᠴᠡᠳᠬᠡᠬᠦ  ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠵᠣᠬᠢᠶᠠᠯᠴᠢᠳ ᠤᠨ ᠡᠪᠯᠡᠯ    ᠭᠤᠷᠪᠠ᠂ ᠡᠯᠰᠡᠬᠦ ᠬᠡᠪᠴᠢᠶ᠎ᠡ    ᠪᠠᠷᠠᠭᠤᠨ ᠦᠵᠦᠮᠦᠴᠢᠨ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ ᠵᠣᠬᠢᠶᠠᠯᠴᠢ᠂ ᠤᠳᠬ᠎ᠠ ᠵᠣᠬᠢᠶᠠᠯ ᠳᠤ ᠪᠠᠭ᠋ᠠᠲᠠᠢ ᠬᠥᠮᠥᠰ ᠴᠥᠮ ᠡᠬᠡ ᠪᠢᠴᠢᠭ ᠢᠶᠠᠨ ᠥᠭᠴᠥ ᠪᠣᠯᠣᠨ᠎ᠠ᠃ ᠤᠷᠤᠯᠳᠤᠭᠠᠨ ᠢ ᠨᠠᠰᠤᠨ ᠳᠤ ᠬᠦᠷᠦᠭᠰᠡᠳ ᠤᠨ ᠳᠤᠭᠤᠶᠢᠯᠠᠩ ᠪᠠ ᠵᠠᠯᠠᠭᠤ ᠪᠠᠭᠠᠴᠤᠳ ᠤᠨ ᠳᠤᠭᠤᠶᠢᠯᠠᠩ ᠭᠡᠵᠦ ᠬᠤᠪᠢᠶᠠᠵᠤ᠂ ᠨᠠᠰᠤᠨ ᠳᠤ ᠬᠦᠷᠦᠭᠰᠡᠳ ᠤᠨ ᠳᠤᠭᠤᠶᠢᠯᠠᠩ ᠨᠢ ᠪᠦᠬᠦᠯᠢ 18 ᠨᠠᠰᠤᠨ ᠠᠴᠠ ᠳᠡᠭᠡᠭᠰᠢ ᠬᠦᠮᠦᠰ  ᠪᠠᠶᠢᠵᠤ᠂ ᠵᠠᠯᠠᠭᠤᠴᠤᠳ ᠪᠠᠭᠠᠴᠤᠳ ᠤᠨ ᠳᠤᠭᠤᠶᠢᠯᠠᠩ ᠨᠢ 12 ︱ 18 ᠪᠦᠬᠦᠯᠢ ᠨᠠᠰᠤᠨ ᠤ  ᠬᠤᠭᠤᠷᠣᠨᠳᠣᠬᠢ ᠵᠠᠯᠠᠭᠤ ᠪᠠᠭᠠᠴᠣᠳ ᠪᠠᠶᠢᠵᠤ᠂ ᠭᠤᠣᠯᠳᠠᠭᠤ ᠠᠩᠬ᠎ᠠ ᠳᠤᠮᠳᠠᠳᠤ  ᠶᠢᠨ ᠪᠠ ᠦᠨᠳᠦᠷ ᠳᠤᠮᠳᠠᠳᠤ ᠰᠤᠷᠭᠠᠭᠤᠯᠢ ᠶᠢᠨ ᠰᠣᠷᠣᠭᠴᠢ ᠠᠴᠠ  ᠪᠦᠲᠦᠭᠡᠯ ᠡᠯᠰᠡᠨ᠎ᠡ᠃    ᠳᠥᠷᠪᠡ᠂ ᠡᠯᠰᠡᠬᠦ ᠴᠠᠭ    ᠡᠬᠡ ᠪᠢᠴᠢᠭ ᠡᠯᠰᠡᠬᠦ ᠴᠠᠭ ᠨᠢ ᠮᠡᠳᠡᠭᠳᠡᠯ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 8 ᠰᠠᠷ᠎ᠠ ᠶᠢᠨ 20 ᠤ ᠡᠳᠦᠷ ᠬᠦᠷᠲᠡᠯ᠎ᠡ᠃    ᠲᠠᠪᠤ᠂  ᠡᠯᠰᠡᠬᠦ ᠱᠠᠭᠠᠷᠳᠠᠯᠭ᠎ᠠ    (ᠨᠢᠭᠡ) ᠪᠦᠲᠦᠭᠡᠯ ᠤᠨ ᠰᠡᠳᠦᠪ ᠢ ᠬᠢᠵᠠᠭᠠᠷᠯᠠᠬᠤ ᠦᠭᠡᠢ᠃   1. ᠰᠢᠯᠦᠭ ᠨᠠᠶᠢᠷᠠᠭ᠄ 100 ᠮᠥᠷ ᠤᠨ ᠳᠣᠲᠣᠷ᠎ᠠ᠃   2. ᠲᠤᠭᠤᠵᠢᠰ᠄ ᠥᠭᠦᠯᠡᠯᠭᠡ ᠨᠢ 3000 ᠦᠰᠦᠭ ᠣᠷᠴᠢᠮ  ᠂ ᠲᠤᠭᠤᠵᠢᠰ ᠨᠢ 20000 ᠦᠰᠦᠭ ᠤᠨ ᠳᠣᠲᠣᠷ᠎ᠠ᠃   3. ᠨᠠᠶᠢᠷᠠᠭᠤᠯᠤᠯ᠄ 10000 ᠦᠰᠦᠭ ᠤᠨ ᠳᠣᠲᠣᠷ᠎ᠠ᠃   4.ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠮᠣᠩᠭᠤᠯ ᠦᠭᠡ ᠬᠡᠯᠡ ᠦᠰᠦᠭ ᠪᠢᠴᠢᠭ ᠴᠥᠮ ᠪᠣᠯᠣᠨ᠎ᠠ᠃    ︵ᠬᠤᠶᠠᠷ︶ ᠵᠣᠬᠢᠶᠠᠯ ᠪᠦᠲᠦᠭᠡᠯ ᠳᠤ ᠵᠥᠪ ᠤᠳᠤᠷᠢᠳᠤᠮᠵᠢ ᠶᠢ ᠪᠠᠷᠢᠮᠲᠠᠯᠠᠨ᠂ ᠭᠤᠣᠯ ᠬᠦᠭ ᠠᠶᠠᠰ ᠢ  ᠴᠤᠤᠷᠢᠶᠠᠳᠣᠨ᠂ ᠦᠨᠡᠨ ᠰᠠᠶᠢᠨ ᠰᠠᠶᠢᠬᠠᠨ ᠢ ᠪᠠᠷᠢᠮᠲᠠᠯᠠᠵᠤ᠂ ᠢᠳᠡᠪᠬᠢ ᠬᠦᠴᠦᠨ ᠢ ᠤᠯᠠᠮᠵᠢᠯᠠᠨ ᠳᠡᠯᠭᠡᠷᠡᠭᠦᠯᠵᠦ᠂ ᠪᠣᠳᠠᠲᠤ ᠠᠮᠢᠳᠤᠷᠠᠯ ᠲᠠᠢ ᠤᠶᠢᠷᠠᠳᠣᠭᠰᠠᠨ᠂ ᠦᠵᠡᠯ ᠰᠠᠨᠠᠭ᠎ᠠ ᠠᠭᠤᠯᠠᠭᠳᠠᠬᠤᠨ ᠪᠠ ᠤᠷᠠᠯᠢᠭ ᠤᠨ ᠴᠢᠨᠠᠷ ᠢ ᠵᠡᠷᠭᠡ ᠪᠠᠷ ᠴᠢᠬᠤᠯᠠᠴᠢᠯᠠᠵᠤ᠂ ᠤᠳᠬ᠎ᠠ ᠵᠣᠬᠢᠶᠠᠯ ᠤᠨ ᠴᠢᠨᠠᠷ ᠪᠠ ᠤᠩᠰᠢᠵᠤ ᠪᠣᠯᠬᠤᠶᠢᠴᠠ ᠴᠢᠨᠠᠷ ᠢ ᠨᠢᠭᠡᠳᠦᠭᠦᠯᠵᠦ᠂ ᠰᠡᠳᠬᠢᠯᠭᠡ ᠲᠠᠢ᠂  ᠪᠤᠳᠠᠳᠠᠢ  ᠂ ᠨᠥᠯᠥᠭᠡᠯᠡᠬᠦ ᠬᠦᠴᠦᠨ ᠢᠶᠠᠷ ᠴᠢᠩᠭ᠎ᠠ ᠪᠠᠶᠢᠬᠤ ᠬᠡᠷᠡᠭᠲᠡᠢ᠃    (ᠭᠤᠷᠪᠠ) ᠪᠦᠲᠦᠭᠡᠯ ᠨᠢ ᠡᠷᠬᠡᠪᠰᠢ ᠵᠤᠬᠢᠶᠠᠭᠴᠢ ᠶᠢᠨ ᠦᠪᠡᠷ ᠤᠨ ᠵᠣᠬᠢᠶᠠᠭᠰᠠᠨ ᠠᠩᠬ᠎ᠠ ᠨᠡᠶᠢᠲᠡᠯᠡᠬᠦ ᠪᠦᠲᠦᠭᠡᠯ ᠪᠠᠶᠢᠵᠤ᠂ ᠪᠦᠷᠢᠨ ᠪᠦᠲᠦᠨ ᠵᠣᠬᠢᠶᠠᠯ ᠪᠦᠲᠦᠭᠡᠯ ᠤᠨ ᠡᠷᠬᠡ ᠲᠠᠢ  ᠪᠥᠭᠡᠳ  ᠲᠤᠰ ᠪᠦᠲᠦᠭᠡᠯ  ᠨᠢ ᠪᠤᠰᠤᠳ ᠤᠨ ᠵᠣᠬᠢᠶᠠᠯ ᠪᠦᠲᠦᠭᠡᠯ ᠤᠨ ᠡᠷᠬᠡ᠂ ᠪᠡᠶ᠎ᠡ ᠶᠢᠨ ᠬᠦᠷᠦᠭ ᠲᠦᠷᠢ ᠶᠢᠨ ᠡᠷᠬᠡ᠂ ᠨᠡᠷ᠎ᠡ ᠲᠤᠶᠢᠷᠦ ᠶᠢᠨ ᠡᠷᠬᠡ᠂ ᠬᠤᠪᠢ ᠶᠢᠨ ᠨᠢᠭᠤᠴᠠ ᠶᠢᠨ ᠡᠷᠬᠡ ᠵᠡᠷᠭᠡ ᠶᠢ ᠪᠠᠭᠲᠠᠭᠠᠭᠰᠠᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃    ( ᠳᠦᠷᠪᠡ) ᠬᠥᠮᠥᠨ ᠪᠦᠷᠢ ᠶᠢ ᠬᠤᠶᠠᠷ ᠵᠣᠬᠢᠶᠠᠯ  ᠢᠶᠠᠷ ᠬᠢᠵᠠᠭᠠᠷᠯᠠᠨ᠎ᠠ᠂ ᠨᠢᠭᠡ ᠡᠬᠡ ᠪᠢᠴᠢᠭ ᠢ ᠤᠯᠡᠠ ᠣᠳᠠᠭ᠎ᠠ ᠦᠭᠴᠦ  ᠪᠣᠯᠬᠤ ᠦᠬᠡᠢ᠂ ᠤᠯᠡᠠ ᠵᠣᠬᠢᠶᠠᠭᠴᠢ ᠲᠠᠢ ᠪᠦᠳᠦᠭᠡᠯ  ᠪᠣᠯ ᠵᠠᠪᠠᠯ ᠲᠣᠳᠣᠷᠬᠠᠶᠢᠯᠠᠵᠤ ᠪᠢᠴᠢᠬᠦ ᠬᠡᠷᠡᠭᠲᠡᠢ᠃ ᠵᠣᠬᠢᠶᠠᠭᠴᠢ  ᠡᠬᠡ ᠪᠢᠴᠢᠭ ᠢᠶᠠᠨ ᠢᠷᠡᠬᠦᠯᠬᠦ ᠳᠡᠭᠡᠨ  ᠡᠷᠬᠡᠪᠰᠢ ᠨᠠᠷᠢᠨ ᠬᠢᠨᠠᠮᠠᠭᠠᠢ ᠬᠠᠷᠭᠤᠭᠤᠯᠬᠤ ᠬᠡᠷᠡᠭᠲᠡᠢ ᠪᠥᠭᠡᠳ ᠢᠮᠧᠯ ᠤᠨ ᠭᠠᠷᠴᠠᠭ ᠳᠡᠭᠡᠷ᠎ᠡ ︽ᠱᠠᠩᠨᠠᠯᠲᠤ  ᠡᠬᠡ ᠪᠢᠴᠢᠭ + ᠵᠣᠬᠢᠶᠠᠭᠴᠢ ᠶᠢᠨ ᠣᠪᠣᠭ ᠨᠡᠷ᠎ᠡ︾  ᠭᠡᠵᠦ  ᠲᠣᠳᠣᠷᠬᠠᠶᠢᠯᠠᠬᠤ ᠬᠡᠷᠡᠭᠲᠡᠢ᠃    ᠵᠢᠷᠭᠤᠭ᠎ᠠ᠂ ᠡᠬᠡ ᠪᠢᠴᠢᠭ ᠡᠯᠰᠡᠬᠦ ᠠᠷᠭ᠎ᠠ ᠮᠠᠶ᠋ᠢᠭ    ︵ᠨᠢᠭᠡ︶ ᠲᠣᠰ ᠤᠳᠠᠭ᠎ᠠ ᠶᠢᠨ ᠡᠬᠡ ᠪᠢᠴᠢᠭ ᠢ ᠡᠯᠰᠡᠬᠦ ᠳᠤ ᠵᠥᠪᠬᠡᠨ ᠡᠯᠧᠺᠲᠷᠣᠨ ᠪᠢᠴᠢᠭᠯᠡᠯ ᠤᠨ ᠡᠬᠡ ᠪᠢᠴᠢᠭ ᠢ ᠭᠥᠯᠢᠶᠡᠨ ᠠᠪᠴᠤ᠂ ᠡᠬᠡ ᠪᠢᠴᠢᠭ ᠢ WPS ᠳᠠᠭᠠᠯᠳᠤᠭᠤᠯᠤᠯ ᠤᠨ ᠬᠡᠯᠪᠡᠷᠢ ᠪᠠᠷ ᠵᠢᠭᠠᠨ ᠲᠣᠭᠲᠠᠭᠠᠭᠰᠠᠨ ᠢᠮᠧᠯ ᠳᠤ  ᠢᠯᠡᠭᠡᠬᠦ ᠶᠢᠨ ᠬᠠᠮᠲᠤ ᠵᠣᠬᠢᠶᠠᠯ ᠤᠨ ᠡᠴᠦᠰ ᠲᠤ ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ᠂ ᠬᠠᠶ᠋ᠢᠭ᠂ ᠬᠠᠷᠢᠯᠴᠠᠬᠤ ᠤᠲᠠᠰᠤ ᠵᠡᠷᠭᠡ ᠶᠢ  ᠲᠠᠭᠠᠯᠳᠣᠭᠤᠯᠬᠤ ᠬᠡᠷᠡᠭᠲᠡᠢ᠃    ︵ᠬᠤᠶᠠᠷ︶ ᠡᠬᠡ ᠪᠢᠴᠢᠭ ᠢᠯᠡᠭᠡᠬᠦ ᠢᠮᠧᠯ  ᠤᠨ ᠬᠠᠶ᠋ᠢᠭᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠦᠲᠦᠭᠡᠯ ᠤᠨ ᠡᠬᠡ ᠪᠢᠴᠢᠭ ᠢᠯᠡᠭᠡᠬᠦ  ᠢᠮᠧᠯ  3506914691@qq.com ᠮᠣᠩᠭᠤᠯ ᠦᠭᠡ ᠬᠡᠯᠡ ᠦᠰᠦᠭ ᠪᠢᠴᠢᠭ ᠤᠨ ᠪᠦᠲᠦᠭᠡᠯ ᠤᠨ ᠡᠬᠡ ᠪᠢᠴᠢᠭ ᠢᠯᠡᠭᠡᠬᠦ ᠢᠮᠧᠯ ᠄ xiwuqizuojiaxiehui@163.com    ︵ᠭᠤᠷᠪᠠ︶ ᠬᠠᠷᠢᠯᠴᠠᠬᠤ ᠤᠲᠠᠰᠤ᠄    ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠦᠲᠦᠭᠡᠯ ᠤᠨ ᠡᠬᠡ ᠪᠢᠴᠢᠭ ᠢ ᠢᠯᠡᠭᠡᠬᠦ ᠬᠠᠷᠢᠯᠴᠠᠬᠤ ᠤᠲᠠᠰᠤ᠄ 0479-3522436 ᠮᠣᠩᠭᠤᠯ ᠦᠭᠡ ᠬᠡᠯᠡ ᠥᠰᠥᠭ ᠪᠢᠴᠢᠭ ᠤᠨ ᠪᠦᠲᠦᠭᠡᠯ ᠤᠨ ᠡᠬᠡ ᠪᠢᠴᠢᠭ ᠢ ᠢᠯᠡᠭᠡᠬᠦ ᠬᠠᠷᠢᠯᠴᠠᠬᠤ ᠤᠲᠠᠰᠤ᠄    ᠳᠣᠯᠤᠭ᠎ᠠ᠂ ᠪᠦᠲᠦᠭᠡᠯ ᠤᠨ ᠰᠢᠯᠭᠠᠷᠠᠭᠤᠯᠤᠯᠲᠠ ᠪᠠ ᠱᠠᠩᠨᠠᠯ     ︵ᠨᠢᠭᠡ︶ ᠡᠬᠡ ᠪᠢᠴᠢᠭ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ ᠭᠤᠣᠯᠯᠠᠨ ᠡᠷᠭᠢᠯᠡᠬᠦ ᠲᠠᠯ᠎ᠠ ᠠᠴᠠ ᠬᠤᠯᠪᠣᠭᠳᠠᠯ ᠪᠦᠬᠦᠢ ᠬᠢᠨᠠᠬᠤ ᠪᠠᠭ ᠢ ᠤᠷᠢᠵᠤ᠂  ᠡᠯᠰᠡᠭᠰᠡᠨ ᠡᠬᠡ ᠪᠢᠴᠢᠭ  ᠲᠤ ᠠᠩᠬᠠᠨ ᠤ ᠬᠢᠨᠠᠯᠲᠠ ᠪᠠ ᠡᠴᠦᠰ ᠤᠨ ᠦᠨᠡᠯᠡᠯᠲᠡ ᠬᠢᠵᠦ᠂ ᠰᠢᠯᠭᠠᠷᠠᠭᠤᠯᠤᠭᠰᠠᠨ ᠦᠷ᠎ᠡ ᠳ᠋ᠦᠩ ᠢ ᠵᠣᠬᠢᠬᠤ ᠬᠡᠪᠴᠢᠶᠡᠨ ᠳᠤ ᠢᠯᠡ ᠨᠡᠶᠢᠲᠡᠯᠡᠨ᠎ᠡ᠃    ︵ᠬᠤᠶᠠᠷ︶ ᠲᠣᠰ ᠤᠳᠠᠭᠠᠨ ᠤ ᠡᠬᠡ ᠪᠢᠴᠢᠭ ᠡᠯᠰᠡᠬᠦ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠤᠨ ᠨᠡᠷᠡᠰ ᠢ ᠱᠠᠩᠨᠠᠨ᠎ᠠ᠃ ᠨᠠᠰᠤᠨ ᠳᠤ ᠬᠦᠷᠦᠭᠰᠡᠳ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠ ᠮᠣᠩᠭᠤᠯ ᠬᠡᠯᠡᠨ ᠤ 2 ᠳᠤᠭᠤᠶᠢᠯᠠᠩ ᠬᠤᠪᠢᠶᠠᠨ ᠰᠢᠯᠭᠠᠷᠠᠭᠤᠯᠵᠤ᠂ ᠲᠣᠰ ᠲᠣᠰ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ᠂ ᠰᠢᠯᠢᠳᠡᠭ ᠱᠠᠩᠨᠠᠯ 4 ᠨᠡᠷᠡᠰ  ᠱᠠᠩᠨᠠᠨ᠎ᠠ︔ ᠵᠠᠯᠠᠭᠤ ᠪᠠᠭᠠᠴᠤᠳ ᠤᠨ ᠳᠤᠭᠤᠶᠢᠯᠠᠩ ᠢ ᠤᠯᠤᠰ ᠤᠨ ᠨᠡᠶᠢᠳᠡᠮ ᠬᠡᠷᠡᠭᠯᠡᠬᠦ ᠦᠭᠡ  ᠬᠡᠯᠡ ᠪᠠ ᠮᠣᠩᠭᠤᠯ ᠬᠡᠯᠡᠨ ᠤ 2 ᠳᠤᠭᠤᠶᠢᠯᠠᠩ ᠬᠤᠪᠢᠶᠠᠨ ᠰᠢᠯᠭᠠᠷᠠᠭᠤᠯᠵᠤ᠂ ᠲᠣᠰ ᠲᠣᠰ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ᠂ ᠰᠢᠯᠢᠳᠡᠭ ᠱᠠᠩᠨᠠᠯ 4 ᠨᠡᠷᠡᠰ᠂ ᠰᠢᠯᠢᠳᠡᠭ ᠬᠠᠪᠰᠤᠷᠤᠨ ᠵᠢᠯᠤᠭᠤᠳᠤᠭᠰᠠᠨ ᠪᠠᠭᠰᠢ ᠶᠢᠨ ᠱᠠᠩᠨᠠᠯ 12 ᠨᠡᠷᠡᠰ  ᠱᠠᠩᠨᠠᠨ᠎ᠠ᠃ ᠲᠤᠰ ᠤᠳᠠᠭᠠᠨ ᠤ ᠤᠷᠤᠯᠳᠤᠭᠠᠨ ᠳᠤ ᠰᠣᠩᠭᠤᠭᠳᠠᠭᠰᠠᠨ ᠪᠦᠲᠦᠭᠡᠯ ᠳᠤ ᠦᠨᠡᠮᠯᠡᠯ ᠪᠠ ᠱᠠᠩᠨᠠᠯ ᠣᠯᠭᠤᠨ᠎ᠠ᠃    ︵ᠭᠤᠷᠪᠠ︶ ᠲᠣᠰ ᠤᠳᠠᠭᠠᠨ ᠤ ᠡᠯᠰᠡᠭᠰᠡᠨ ᠵᠣᠬᠢᠶᠠᠯ ᠪᠦᠲᠦᠭᠡᠯ ᠢ ᠡᠯ᠎ᠡ ᠱᠠᠲᠤᠨ ᠤ ᠰᠡᠳᠬᠦᠯ ᠳᠤ ᠲᠠᠨᠢᠯᠴᠠᠭᠤᠯᠤᠨ ᠨᠡᠶᠢᠲᠡᠯᠡᠬᠦ ᠪᠤᠶᠤ ᠰᠦᠯᠵᠢᠶᠡᠨ ᠤ ᠲᠠᠪᠴᠠᠩ ᠢᠶᠠᠷ ᠨᠡᠶᠢᠳᠡᠯᠡᠨ᠎ᠡ᠃         ᠪᠠᠷᠠᠭᠤᠨ ᠦᠵᠦᠮᠦᠴᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ                2024 ᠣᠨ ᠤ 7 ᠰᠠᠷ᠎ᠠ ᠶᠢᠨ 19  ᠤᠨ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号