ᠬᠤᠭᠤᠯᠠᠳᠦ ᠶᠢᠨ ᠭᠤᠣᠯ ᠪᠠᠯᠭᠠᠰᠤ ᠠᠩᠬᠠᠳᠤᠭᠠᠷ ᠬᠤᠭᠤᠴᠠᠭᠠᠨ ᠤ ᠴᠠᠭᠠᠨ ᠢᠳᠡᠭᠡᠨ ᠤ ᠠᠳᠠᠯᠢᠳᠬᠠᠨ ᠰᠢᠯᠭᠠᠷᠠᠭᠤᠯᠤᠯᠳᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/23
      ᠴᠠᠭᠠᠨ ᠢᠳᠡᠭᠡᠨ ᠨᠢ ᠥᠨᠢ ᠤᠳᠠᠭᠠᠨ ᠲᠡᠦᠬᠡ ᠪᠤᠯᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠠᠴᠢᠶᠠᠯᠠᠵᠤ ᠪᠠᠶᠢᠳᠠᠭ᠃ ᠲᠡᠷᠡ ᠨᠢ ᠪᠡᠶ᠎ᠡ ᠮᠠᠬᠠᠪᠤᠳ ᠢ ᠰᠢᠮᠡᠵᠢᠭᠦᠯᠬᠦ ᠠᠮᠲᠠᠲᠤ ᠢᠳᠡᠭᠡᠨ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠤᠶᠤᠨ ᠤᠬᠠᠭᠠᠨ ᠪᠤᠯᠤᠨ ᠬᠠᠶᠢᠷ᠎ᠠ ᠰᠡᠳᠬᠢᠯᠭᠡ ᠶᠢ ᠤᠯᠠᠮᠵᠢᠯᠠᠨ ᠵᠠᠯᠭᠠᠮᠵᠢᠯᠠᠬᠤ ᠬᠤᠯᠪᠣᠭᠠᠰᠤ ᠪᠣᠯᠵᠦ ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ︱ ᠴᠠᠭᠠᠨ ᠢᠳᠡᠭᠡᠨ ᠪᠤᠯᠪᠠᠰᠤᠷᠠᠭᠤᠯᠬᠤ ᠤᠯᠠᠮᠵᠢᠯᠠᠯ ᠪᠤᠯᠤᠨ ᠰᠣᠯᠢᠯᠴᠠᠭᠠᠨ ᠳᠤ ᠲᠠᠪᠴᠠᠩ ᠬᠠᠩᠭᠠᠵᠤ᠂ ᠴᠠᠭᠠᠨ ᠢᠳᠡᠭᠡᠨ ᠪᠤᠯᠪᠠᠰᠤᠷᠠᠭᠤᠯᠤᠭᠰᠡᠳ ᠲᠤ ᠤᠷ᠎ᠠ ᠮᠡᠷᠭᠡᠵᠢᠯ ᠤᠨ ᠦᠵᠡᠬᠦᠯᠦᠯᠬᠡ ᠰᠤᠨᠢᠷᠬᠠᠭᠤᠯᠬᠤ ᠶᠢᠨ ᠲᠤᠰᠠᠳᠠ᠂ ᠦᠢᠷ᠎ᠡ ᠶᠢᠨ ᠡᠳᠦᠷ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠦ ᠶᠢᠨ ᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠭᠤᠯᠠᠳᠦ ᠶᠢᠨ ᠭᠤᠤᠯ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠠᠴᠠ ᠳᠠᠭᠠᠭᠠᠴᠢᠯᠠᠨ ᠡᠷᠭᠢᠯᠡᠭᠰᠡᠨ ᠬᠤᠭᠤᠯᠠᠳᠦ ᠶᠢᠨ ᠭᠤᠣᠯ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠴᠠᠭᠠᠨ ᠢᠳᠡᠭᠡᠨ ᠤ ᠠᠳᠠᠯᠢᠳᠬᠠᠨ ᠰᠢᠯᠭᠠᠷᠠᠭᠤᠯᠤᠯᠳᠠ ᠶᠢᠨ ᠠᠵᠢᠯᠯᠠᠭ᠎ᠠ ᠨᠡᠭᠦᠳᠡᠯᠴᠢᠨ ᠠᠶᠢᠮᠠᠭ ᠦᠵᠡᠮᠵᠢ ᠶᠢᠨ ᠣᠷᠣᠨ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠨᠢ ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃      ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠤᠨ  ᠰᠡᠳᠬᠢᠯ ᠲᠠᠯᠪᠢᠨ ᠨᠢᠮᠪᠠᠶᠢᠯᠠᠨ ᠪᠡᠯᠡᠳᠬᠡᠭᠰᠡᠨ ᠤᠯᠠᠨ ᠵᠦᠢᠯ ᠤᠨ ᠤᠯᠠᠮᠵᠢᠯᠠᠯᠲᠤ ᠴᠠᠭᠠᠨ ᠢᠳᠡᠭᠡᠨ ᠤ ᠵᠦᠢᠯᠡᠰ ᠨᠢ ᠬᠥᠮᠥᠰ ᠤᠨ ᠬᠠᠷᠠᠭ᠎ᠠ ᠶᠢ ᠪᠤᠯᠢᠶᠠᠨ᠎ᠠ᠃ ᠲᠣᠰᠣᠯᠢᠭ ᠵᠦᠬᠡᠯᠡᠨ ᠦᠷᠦᠮ᠎ᠡ᠂ ᠨᠠᠷᠢᠯᠢᠭ ᠪᠣᠯᠪᠠᠰᠤᠷᠠᠭᠤᠯᠤᠭᠰᠠᠨ ᠬᠤᠷᠤᠳ᠂ ᠥᠳᠬᠡᠨ ᠬᠠᠩᠬᠤᠯᠤᠭᠤᠨ ᠡᠭᠡᠳᠡᠭᠰᠡᠨ ᠰᠦ ᠵᠡᠷᠭᠡ ᠨᠢ ᠪᠠᠶᠢᠭᠠᠯᠢᠯᠢᠭ ᠰᠣᠳᠣᠨ ᠦᠨᠦᠷ ᠠᠮᠲᠠ ᠪᠠᠷ ᠢᠶᠠᠨ ᠲᠠᠯ᠎ᠠ ᠨᠤᠲᠤᠭ ᠤᠨ ᠴᠠᠭᠠᠨ ᠢᠳᠡᠭᠡᠨ ᠤ ᠠᠷᠢᠭᠤᠨ ᠲᠠᠩᠰᠤᠭ ᠢ ᠬᠠᠷᠠᠭᠤᠯᠵᠤ ᠪᠠᠶᠢᠯ᠎ᠠ᠃      ᠵᠤᠭᠠᠴᠠᠭᠰᠠᠳ ᠲᠤ ᠮᠦᠷᠦᠶᠢᠴᠡᠬᠡᠨ ᠤ ᠠᠬᠤᠢ ᠪᠠᠶᠢᠳᠠᠯ ᠢ ᠲᠣᠳᠣᠷᠬᠠᠢ ᠣᠶᠢᠯᠠᠭᠠᠭᠤᠯᠵᠤ᠂ ᠲᠠᠯ᠎ᠠ ᠨᠤᠲᠤᠭ  ᠤᠨ ᠴᠠᠭᠠᠨ ᠢᠳᠡᠭᠡᠨ ᠢ ᠭᠦᠨᠵᠡᠭᠡᠢ ᠲᠠᠨᠢᠯᠴᠠᠭᠤᠯᠬᠤ ᠶᠢᠨ ᠲᠤᠰᠠᠳᠠ᠂  ᠴᠠᠭᠠᠨ ᠢᠳᠡᠭᠡᠨ ᠢ ᠠᠮᠲᠠᠯᠠᠭᠤᠯᠬᠤ ᠶᠠᠪᠤᠴᠠ  ᠶᠢ ᠲᠤᠰᠬᠠᠢ ᠲᠣᠬᠢᠷᠠᠭᠤᠯᠤᠠᠠᠰᠠᠨ ᠪᠠᠶᠢᠨ᠎ᠠ᠃ ᠵᠤᠭᠠᠴᠠᠭᠰᠠᠳ ᠡᠯ᠎ᠡ ᠵᠦᠢᠯ ᠤᠨ ᠴᠠᠭᠠᠨ ᠢᠳᠡᠭᠡᠨ ᠢ ᠪᠡᠶᠡᠴᠢᠯᠡᠨ ᠠᠮᠲᠠᠯᠠᠬᠤ ᠶᠢᠨ ᠵᠡᠷᠭᠡᠪᠡᠷ ᠮᠠᠯᠴᠢᠳ ᠪᠣᠯᠣᠨ ᠲᠤᠬᠠᠢ ᠶᠢᠨ ᠲᠠᠯᠠᠪᠠᠢ ᠶᠢᠨ ᠠᠵᠢᠯᠲᠠᠳ ᠤᠨ ᠴᠠᠭᠠᠨ ᠢᠳᠡᠬᠡᠨ ᠪᠤᠯᠪᠠᠰᠤᠷᠠᠭᠤᠯᠬᠤ ᠶᠠᠪᠤᠴᠠ ᠪᠤᠯᠤᠨ ᠦᠢᠯᠡᠳᠦᠯ ᠤᠨ ᠲᠠᠶᠢᠯᠪᠤᠷᠢᠯᠠᠯᠳᠡ ᠶᠢ ᠨᠠᠷᠢᠨ ᠨᠢᠮᠪᠠᠢ ᠰᠤᠨᠤᠰᠴᠦ᠂ ᠡᠨᠡ ᠨᠢ ᠲᠡᠳᠡᠨ ᠤ ᠴᠠᠭᠠᠨ ᠢᠳᠡᠭᠡᠨ ᠢ ᠤᠯᠠᠮ ᠨᠢᠭᠡ ᠠᠯᠬᠤᠮ ᠨᠠᠷᠢᠨ ᠣᠶᠢᠯᠠᠭᠠᠨ᠂ ᠰᠢᠮ᠎ᠡ ᠲᠡᠵᠢᠬᠡᠯ ᠤᠨ ᠦᠨ᠎ᠡ ᠥᠷᠲᠡᠭ  ᠢ   ᠨᠢ ᠮᠡᠳᠡᠷᠡᠬᠦ ᠳᠤ ᠨᠢᠭᠡ ᠤᠳᠠᠭᠠᠨ ᠤ ᠰᠠᠶᠢᠬᠠᠨ ᠲᠣᠬᠢᠶᠠᠯ ᠪᠣᠯᠣᠭᠰᠠᠨ ᠪᠠᠶᠢᠨ᠎ᠠ᠃     ᠰᠢᠯᠭᠠᠷᠠᠭᠤᠯᠬᠤ ᠺᠣᠮᠢᠰ ᠤᠨ ᠭᠡᠰᠢᠭᠦᠳ ᠪᠦᠲᠦᠭᠡᠯ ᠨᠢᠭᠡᠪᠦᠷᠢ ᠶᠢ ᠭᠠᠳᠠᠷ ᠪᠠᠶᠢᠳᠠᠯ᠂ ᠦᠨᠦᠷ ᠠᠮᠳᠠ ᠵᠡᠷᠭᠡ ᠣᠯᠠᠨ ᠲᠠᠯ᠎ᠠ ᠠᠴᠠ ᠶᠡᠷᠦᠩᠬᠡᠶᠢᠯᠡᠨ ᠦᠨᠡᠯᠡᠯᠲᠡ ᠬᠢᠭᠰᠡᠨ ᠪᠠᠶᠢᠨ᠎ᠠ᠃ ᠲᠡᠳᠡᠨ ᠤ ᠲᠥᠪ ᠴᠢᠩᠭ᠎ᠠ ᠣᠪᠣᠷ ᠪᠤᠯᠤᠨ ᠲᠤᠰᠬᠠᠢ ᠮᠡᠷᠭᠡᠵᠢᠯ ᠤᠨ ᠦᠨᠡᠯᠡᠯᠲᠡ ᠨᠢ ᠮᠦᠷᠦᠶᠢᠴᠡᠬᠡᠨ ᠤ ᠡᠷᠬᠡ ᠲᠡᠭᠰᠢ ᠲᠥᠪ ᠭᠤᠣᠯᠴᠢ ᠶᠢ ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠤᠷᠤᠯᠳᠤᠭᠠᠨ ᠳᠤ ᠣᠷᠣᠯᠴᠠᠭᠰᠠᠳ ᠲᠤ ᠡᠷᠬᠢᠮ ᠨᠠᠨᠳᠢᠨ ᠰᠠᠨᠠᠭᠤᠯᠭ᠎ᠠ ᠪᠤᠯᠤᠨ ᠵᠢᠯᠣᠭᠤᠳᠤᠯᠭ᠎ᠠ ᠬᠠᠩᠭᠠᠵᠠᠢ᠃ ᠬᠠᠮᠤᠭ ᠡᠴᠦᠰ ᠲᠤ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ ᠣᠷᠣᠯᠴᠠᠭᠴᠢ ᠶᠢ ᠰᠢᠯᠭᠠᠷᠠᠭᠤᠯᠤᠨ ᠱᠠᠩᠨᠠᠯ ᠭᠠᠷᠳᠠᠭᠤᠯᠵᠠᠢ᠃     ᠲᠤᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠴᠠᠭᠠᠨ ᠢᠳᠡᠭᠡᠨ ᠤ ᠪᠠᠶᠢᠭᠠᠯᠢᠯᠢᠭ ᠰᠣᠳᠣᠨ ᠮᠥᠷᠲᠡᠭᠡᠨ ᠡᠯᠪᠡᠭ ᠶᠡᠭᠡ ᠰᠢᠮ᠎ᠡ ᠲᠡᠵᠢᠭᠡᠯ ᠲᠠᠢ ᠪᠠᠶᠢᠳᠠᠭ ᠳᠠᠪᠠᠭᠤᠯᠢᠭ ᠢ ᠨᠡᠩ ᠣᠯᠠᠨ ᠬᠦᠮᠦᠰ ᠲᠤ ᠣᠶᠢᠯᠠᠭᠠᠭᠤᠯᠵᠤ᠂ ᠬᠦᠮᠦᠰ ᠤᠨ ᠤᠯᠠᠮᠵᠢᠯᠠᠯᠲᠤ ᠰᠣᠶᠣᠯ ᠳᠤ ᠠᠩᠬᠠᠷᠤᠯ ᠲᠠᠯᠪᠢᠬᠤ ᠪᠠ ᠤᠯᠠᠮᠵᠢᠯᠠᠨ ᠵᠠᠯᠭᠠᠮᠵᠢᠯᠠᠬᠤ ᠤᠬᠠᠮᠰᠠᠷ ᠢ ᠬᠥᠭᠵᠢᠭᠡᠵᠦ᠂ ᠤᠯᠠᠮᠵᠢᠯᠠᠯᠲᠤ ᠴᠠᠭᠠᠨ ᠢᠳᠡᠭᠡᠨ ᠤ ᠤᠯᠠᠮᠵᠢᠯᠠᠯ ᠪᠤᠯᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号