︵2024 ᠣᠨ ᠤ 7 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ 2024 ᠣᠨ ᠤ 7 ᠰᠠᠷ᠎ᠠ ᠶᠢᠨ 15 ᠤ ᠡᠳᠦᠷ ᠠᠴᠠ 18 ᠤ ᠡᠳᠦᠷ ᠪᠡᠭᠡᠵᠢᠩ ᠳᠤ ᠬᠤᠷᠠᠯᠳᠤᠪᠠ᠃ | ᠲᠤᠰ ᠤᠳᠠᠭᠠᠨ ᠤ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 199 ᠬᠥᠮᠥᠨ᠂ ᠲᠥᠪ ᠬᠤᠷᠢᠶᠠᠨ ᠤ | ᠣᠷᠣᠯᠠᠭᠴᠢ ᠭᠡᠰᠢᠭᠦᠨ 165 ᠬᠥᠮᠥᠨ ᠣᠷᠣᠯᠴᠠᠪᠠ᠃ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠭᠡᠰᠢᠭᠦᠳ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠰᠤᠯᠠ ᠣᠷᠣᠯᠴᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠬᠡᠰᠡᠭ ᠦᠨᠳᠦᠰᠦᠨ | ᠱᠠᠲᠤᠨ ᠤ ᠨᠥᠬᠦᠳ ᠪᠠ ᠲᠤᠰᠬᠠᠢ ᠮᠡᠷᠭᠡᠵᠢᠯᠲᠡᠳ ᠡᠷᠳᠡᠮᠲᠡᠳ ᠴᠤ ᠬᠤᠷᠠᠯ ᠳᠤ ᠰᠤᠯᠠ ᠣᠷᠣᠯᠴᠠᠪᠠ᠃ | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠭᠢᠯᠡᠪᠠ᠃ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠡᠶᠢᠳᠠᠯᠭ᠎ᠠ ᠪᠠᠷ | ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠪᠠ᠃ ᠰᠢ ᠶᠢᠨ ᠫᠢᠩ ︽ᠲᠣᠭᠲᠠᠭᠠᠯ | ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ | ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠤᠯᠠᠨ ᠤᠯᠤᠰ ᠤᠨ ᠣᠷᠴᠢᠨ ᠨᠥᠬᠦᠴᠡᠯ ᠪᠠ ᠬᠠᠲᠠᠭᠤ ᠪᠡᠷᠬᠡ ᠬᠦᠨᠳᠦ ᠨᠦᠰᠡᠷ | ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠠᠩᠬᠠᠳᠤᠭᠠᠷ ᠪᠦᠭᠦᠳᠡ ᠬᠤᠷᠠᠯ᠂ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠭᠦ ᠲᠠᠯ᠎ᠠ ᠪᠠᠷ ᠲᠤᠭᠤᠰᠢᠯᠠᠭᠤᠯᠤᠨ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ | ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠦᠷᠪᠡᠨ | ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠪᠠ ᠤᠬᠠᠭᠠᠯᠠᠨ ᠲᠥᠯᠥᠪᠯᠡᠵᠦ᠂ ᠨᠡᠶᠢᠭᠡᠮ ᠵᠢᠷᠤᠮ ᠤᠨ | ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠠᠷᠠᠳ ᠤᠨ ᠠᠮᠢᠳᠤᠷᠠᠯ ᠢ ᠪᠠᠲᠤᠯᠠᠬᠤ ᠪᠠ ᠠᠮᠢ | ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠤᠯᠤᠰ ᠣᠷᠣᠨ ᠤ ᠠᠮᠤᠷ | ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠰᠢᠶᠠᠩᠭᠠᠩ ᠣᠣᠮᠧᠨ ᠤ ᠠᠵᠢᠯ ᠪᠠ ᠲᠠᠶᠢᠸᠠᠨ ᠤ | ᠲᠤᠬᠠᠢ ᠠᠵᠢᠯ ᠢ ᠦᠷᠭᠦᠯᠵᠢᠯᠡᠨ ᠠᠬᠢᠭᠤᠯᠵᠤ᠂ ᠳᠤᠮᠳᠠᠲᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ | ᠬᠠᠷᠢᠯᠴᠠᠭ᠎ᠠ ᠶᠢ ᠭᠦᠨᠵᠡᠭᠡᠢ ᠠᠬᠢᠭᠤᠯᠤᠨ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠠᠬᠢᠭᠤᠯᠵᠤ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠰᠠᠨᠠᠯ ᠨᠢᠭᠡᠲᠡᠢ ᠦᠵᠡᠵᠡᠢ᠃ | ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ | ᠦᠨᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠲᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠤᠭᠠᠳ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠥᠭᠡᠷᠡᠴᠢᠯᠡᠯᠲᠡ | ᠨᠡᠭᠡᠭᠡᠯᠲᠡ ᠶᠢᠨ ᠳᠤᠮᠳᠠ ᠲᠠᠰᠤᠷᠠᠯᠳᠠ ᠦᠭᠡᠢ ᠠᠬᠢᠭᠤᠯᠵᠤ ᠪᠠᠶᠢᠭ᠎ᠠ ᠪᠥᠭᠡᠳ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ | ᠰᠠᠷᠠᠭᠤᠯ ᠠᠭᠤᠳᠠᠮ ᠢᠷᠡᠭᠡᠳᠦᠢ ᠶᠢ ᠨᠡᠭᠡᠭᠡᠬᠦ ᠨᠢ ᠯᠠᠪᠲᠠᠢ ᠶᠤᠮ᠃ ᠡᠭᠡᠳᠡᠷᠡᠭᠡᠨ ᠪᠤᠳᠤᠯᠢᠶᠠᠨᠲᠠᠢ ᠤᠯᠤᠰ ᠤᠨ ᠭᠠᠳᠠᠭᠠᠳᠤ | ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ | ᠡᠮᠦᠨ᠎ᠡ᠂ ᠡᠷᠬᠡᠪᠰᠢ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ | ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ | ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ | ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠨ ᠨᠡᠮᠡᠭᠳᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ | ᠲᠠᠯ᠎ᠠ ᠶᠢ ᠨᠢᠭᠡᠳᠦᠯᠲᠡᠢ ᠲᠥᠯᠥᠪᠯᠡᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠩᠭᠤᠢ ᠪᠠᠷ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠥᠮᠵᠢ ᠪᠤᠯᠭᠠᠵᠤ᠂ | ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ | ᠡᠭᠦᠰᠦᠯᠲᠡ ᠪᠠ ᠦᠷ᠎ᠡ ᠳ᠋ᠦᠩ ᠪᠤᠯᠭᠠᠵᠤ᠂ ᠰᠢᠰᠲ᠋ᠧᠮᠵᠢᠭᠦᠯᠦᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ | ᠭᠤᠣᠯᠳᠠᠯᠭ᠎ᠠ ᠶᠢ ᠳᠣᠪᠤᠶᠢᠯᠭᠠᠬᠤ ᠶᠢ ᠨᠡᠩ ᠢᠯᠡᠭᠦᠦ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ | ᠨᠡᠩ ᠢᠯᠡᠭᠦᠦ ᠴᠢᠬᠤᠯᠠᠴᠢᠯᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠠᠪᠬᠤᠷᠭ᠎ᠠ ᠪᠠ | ᠠᠵᠤ ᠠᠬᠤᠢ ᠶᠢᠨ ᠰᠠᠭᠤᠷᠢ᠂ ᠲᠦᠷᠦ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ | ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ | ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠨᠡᠩ ᠲᠡᠭᠦᠯᠳᠡᠷᠵᠢᠭᠦᠯᠵᠦ᠂ ᠲᠦᠷᠦ ᠶᠢ ᠵᠠᠰᠠᠬᠤ ᠰᠢᠰᠲ᠋ᠧᠮ | ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠡᠳ᠂ ᠲᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠨᠡᠶᠢᠭᠡᠮ | ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠬᠦ ᠶᠠᠪᠤᠳᠠᠯ ᠪᠣᠯᠣᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ | ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠬᠡᠮᠵᠢᠶ᠎ᠡ | ᠪᠠ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠬᠡᠷᠡᠭᠲᠡᠢ᠃ 2029 ᠣᠨ ᠳᠤ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠠᠶᠠᠨ ᠵᠢᠯ ᠤᠨ ᠤᠢ ᠪᠤᠯᠬᠤ ᠦᠶ᠎ᠡ ᠪᠠᠷ᠂ ᠲᠤᠰ ᠲᠣᠭᠲᠠᠭᠠᠯ ᠳᠤ | ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ | ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ᠂ ᠪᠠᠶᠢᠭᠤᠯᠤᠯ ᠤᠨ ᠪᠠᠶᠢᠭᠤᠯᠤᠯᠲᠠ ᠪᠠᠷ ᠭᠤᠣᠯ ᠰᠢᠵᠢᠮ | ᠪᠤᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠬᠤ ᠵᠡᠷᠭᠡ ᠵᠠᠷᠴᠢᠮ ᠢ ᠲᠤᠭᠤᠰᠢᠯᠠᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ | ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠤᠨ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠵᠢᠯ ᠢ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ | ᠪᠠᠲᠤᠯᠠᠭ᠎ᠠ ᠮᠥᠨ᠃ ᠡᠷᠬᠡᠪᠰᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠨᠠᠩ | ᠲᠥᠪ ᠭᠤᠤᠯᠴᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠰᠢᠯᠢᠳᠡᠭ ᠪᠤᠯᠭᠠᠬᠤ ᠪᠠ ᠦᠷ᠎ᠡ ᠠᠰᠢᠭ ᠢ | ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠵᠦ᠂ ︽ᠠᠮᠢᠳᠤᠯᠢᠭ ᠪᠤᠯᠭᠠᠵᠦ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ | ᠲᠡᠶᠢᠯᠭᠦ︾ ᠪᠠᠶᠢᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠨᠡᠩ ᠰᠠᠶᠢᠨ ᠬᠠᠮᠠᠭᠠᠯᠠᠵᠤ᠂ ᠵᠠᠬ᠎ᠠ ᠳᠡᠯᠭᠡᠭᠦᠷ ᠦᠢᠯᠡᠳᠦᠯ ᠢᠶᠠᠨ | ᠠᠯᠳᠠᠬᠤ ᠶᠢ ᠨᠠᠩ ᠰᠠᠶᠢᠨ ᠨᠥᠬᠦᠪᠦᠷᠢᠯᠡᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ | ᠨᠠᠪᠲᠠᠷᠡᠭᠦᠯᠵᠦ᠂ ᠪᠦᠭᠦ ᠨᠡᠶᠢᠭᠡᠮ ᠤᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ᠃ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠥᠴᠥᠬᠡᠨ ᠴᠦ ᠭᠤᠶᠢᠪᠢᠰᠢ ᠦᠭᠡᠢ ᠪᠠᠷ | ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠥᠴᠥᠬᠡᠨ ᠴᠦ | ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ ᠡᠯ᠎ᠡ ᠵᠦᠢᠯ ᠤᠨ ᠥᠮᠴᠢᠯᠡᠯ ᠤᠨ ᠠᠵᠤ | ᠠᠬᠤᠢ ᠶᠢᠨ ᠬᠠᠤᠯᠢ ᠶᠣᠰᠣᠭᠠᠷ ᠦᠢᠯᠡᠳᠪᠦᠷᠢᠯᠡᠯ ᠤᠨ ᠡᠯᠧᠮᠧᠨ᠋ᠲ ᠢ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ | ᠥᠷᠢᠰᠦᠯᠳᠦᠭᠡᠨ ᠳᠤ ᠠᠳᠠᠯᠢ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠪᠠᠷ ᠭᠦᠷᠲᠡᠭᠦ ᠶᠢ | ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ | ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ | ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ | ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠤᠯ ᠤᠨ ᠪᠠ ᠬᠢᠵᠠᠭᠠᠷᠯᠠᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ | ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠪᠠ ᠳ᠋ᠢᠵᠢᠲ᠋ᠠᠯ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠦᠷᠢᠮ ᠢ ᠪᠦᠷᠢᠨᠰᠢᠭᠦᠯᠦᠨ᠂ ᠦᠢᠯᠡᠴᠢᠯᠡᠭᠡᠨ ᠤ ᠦᠢᠯᠡᠰ ᠢ | ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠳᠦᠷᠢᠮ ᠢ ᠪᠦᠷᠢᠨᠰᠢᠭᠦᠯᠬᠦ | ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠡᠷᠬᠡᠪᠰᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠨᠢᠭᠡ | ᠴᠣᠭᠴᠠᠵᠢᠭᠰᠠᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ | ᠪᠠᠶᠢᠭᠤᠯᠤᠯ ᠢ ᠪᠦᠷᠢᠨᠰᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠢᠨᠵᠢᠯᠡᠬᠦ ᠤᠬᠠᠭᠠᠨᠴᠢ ᠬᠤᠷᠸ᠎ᠠ ᠲᠣᠬᠢᠷᠠᠭᠤᠯᠤᠯ ᠡᠵᠡᠮᠳᠡᠯ᠂ | ᠪᠦᠲᠦᠮᠵᠢᠲᠡᠶ ᠵᠠᠰᠠᠭ ᠤᠨ ᠣᠷᠳᠣᠨ ᠤ ᠵᠠᠰᠠᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠬᠤᠷᠸ᠎ᠠ ᠲᠣᠬᠢᠷᠠᠭᠤᠯᠤᠯ | ᠡᠵᠡᠮᠳᠡᠯ ᠤᠨ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠷᠸ᠎ᠠ ᠲᠦᠷᠦ ᠶᠢᠨ | ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ | ᠲᠥᠯᠦᠪᠵᠢᠭᠦᠯᠭᠡ ᠶᠢᠨ ᠰᠢᠰᠲ᠋ᠧᠮ ᠪᠠ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ | ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ | ᠬᠤᠳᠠ ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠤᠨ᠂ | ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ | ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠢ | ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ | ᠲᠡᠭᠦᠯᠳᠡᠷᠵᠢᠭᠦᠯᠦᠨ᠂ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠡ ᠲᠣᠳᠣ ᠢᠯᠡᠳᠬᠡᠮᠵᠢ ᠲᠡᠮᠳᠡᠭ ᠮᠥᠨ᠃ ᠡᠷᠬᠡᠪᠰᠢ ᠭᠠᠳᠠᠭᠰᠢ ᠨᠡᠭᠡᠭᠡᠯᠲᠡ ᠬᠢᠬᠦ ᠦᠨᠳᠦᠰᠦᠨ | ᠤᠯᠤᠰ ᠤᠨ ᠪᠣᠳᠣᠯᠭ᠎ᠠ ᠶᠢ ᠪᠠᠷᠢᠮᠲᠠᠯᠠᠵᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠠᠨ ᠤ | ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠣᠯᠠᠨ ᠤᠯᠤᠰ ᠤᠨ | ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ᠃ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠪᠠ ᠭᠠᠳᠠᠭᠠᠳᠤ ᠳᠤ | ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ | ᠨᠡᠭᠡᠭᠡᠯᠲᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠠᠷ ᠬᠠᠮᠲᠤ ᠪᠠᠷ | ᠪᠠᠶᠢᠭᠤᠯᠬᠤ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ | ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠦᠨᠳᠦᠰᠦᠨ ᠤᠯᠤᠰ ᠲᠥᠷᠥ ᠶᠢᠨ ᠪᠠᠶᠢᠭᠤᠯᠤᠯ᠂ ᠭᠤᠣᠯ ᠤᠯᠤᠰ | ᠲᠥᠷᠥ ᠶᠢᠨ ᠪᠠᠶᠢᠭᠤᠯᠤᠯ᠂ ᠴᠢᠬᠤᠯᠠ ᠤᠯᠤᠰ ᠲᠥᠷᠥ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠳᠡᠰ | ᠱᠠᠲᠤᠨ ᠤ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠤᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ | ᠶᠠᠪᠤᠳᠠᠯ ᠢ ᠤᠯᠤᠰ ᠤᠨ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠲᠠᠯ᠎ᠠ ᠪᠦᠭᠦᠨ ᠳᠤ ᠦᠨᠡᠨ | ᠪᠣᠳᠠᠲᠠᠢ ᠪᠠᠷ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ ᠪᠠᠶᠢᠭᠤᠯᠤᠯᠲᠠ ᠶᠢ | ᠴᠢᠩᠭᠠᠳᠬᠠᠵᠤ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ ᠱᠠᠲᠤᠨ ᠤ ᠠᠷᠠᠳᠴᠢᠯᠠᠯ ᠤᠨ | ᠳᠦᠷᠢᠮ ᠢ ᠪᠦᠷᠢᠨᠰᠢᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠦᠨᠳᠦᠰᠦᠨ ᠬᠠᠤᠯᠢ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠲᠣᠭᠲᠠᠭᠠᠬᠤ᠂ ᠬᠠᠤᠯᠢ | ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢᠨ ᠥᠭᠡᠷᠡᠴᠢᠯᠡᠯᠲᠡ ᠶᠢ ᠬᠠᠮᠵᠢᠯᠴᠠᠭᠤᠯᠤᠨ | ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠬᠤ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠪᠦᠭᠦ | ᠲᠠᠯ᠎ᠠ ᠪᠠᠷ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠬᠠᠤᠯᠢ | ᠪᠠᠷᠢᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠷᠬᠡᠪᠰᠢ | ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯᠲᠤ | ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠮᠡᠳᠡᠭᠡ | ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠯᠡᠨ ᠵᠣᠬᠢᠴᠠᠭᠤᠯᠵᠤ᠂ ᠠᠤᠭ᠎ᠠ | ᠶᠡᠭᠡ ᠬᠡᠪᠴᠢᠶ᠎ᠡ ᠪᠦᠬᠦᠢ ᠰᠢᠯᠢᠳᠡᠭ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ ᠪᠦᠷᠢᠯᠳᠦᠭᠦᠯᠵᠦ᠂ ᠪᠦᠭᠦ | ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ | ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠩ ᠪᠦᠲᠦᠮᠵᠢᠲᠡᠶ ᠤᠯᠠᠨ ᠤᠯᠤᠰ ᠲᠤ | ᠤᠯᠠᠮᠵᠢᠯᠠᠨ ᠲᠠᠷᠬᠠᠭᠠᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠃ | ᠡᠷᠬᠡᠪᠰᠢ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠳᠣᠲᠣᠷ᠎ᠠ ᠬᠢᠬᠦ ᠶᠢ ᠪᠠᠷᠢᠮᠲᠠᠯᠠᠵᠤ᠂ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ | ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ ᠬᠠᠮᠤᠭ ᠤᠨ | ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠣᠷᠣᠯᠭ᠎ᠠ ᠶᠢᠨ | ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠠᠮᠠ ᠶᠢᠨ ᠬᠥᠭᠵᠢᠯᠲᠡ ᠶᠢ ᠳᠡᠮᠵᠢᠬᠦ ᠪᠠ | ᠲᠡᠭᠦᠨ ᠳᠤ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠡᠷᠬᠡᠪᠰᠢ ᠠᠮᠢ | ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠤᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ | ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ | ᠠᠷᠭᠠᠴᠠᠨ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ | ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠪᠠᠶᠢᠭᠤᠯᠤᠯ ᠲᠣᠭᠲᠠᠴᠠ ᠶᠢ ᠲᠦᠷᠭᠡᠯᠡᠨ ᠲᠡᠭᠦᠯᠳᠡᠷᠵᠢᠭᠦᠯᠬᠦ ᠬᠡᠷᠡᠭᠲᠡᠢ᠃ ᠠᠮᠢ | ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠯ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ | ᠰᠢᠰᠲ᠋ᠧᠮ ᠢ ᠪᠦᠷᠢᠨᠰᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠠᠯᠤᠰ ᠢ ᠵᠣᠷᠢᠬᠤ ᠶᠢᠨ ᠴᠢᠬᠤᠯᠠ ᠰᠠᠭᠤᠷᠢ ᠮᠥᠨ᠃ ᠡᠷᠬᠡᠪᠰᠢ | ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠤᠯᠤᠰ ᠤᠨ | ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ | ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠭᠠᠳᠠᠭᠠᠳᠤ ᠳᠤ ᠬᠤᠯᠪᠣᠭᠳᠠᠬᠤ ᠤᠯᠤᠰ ᠤᠨ ᠠᠮᠤᠷ ᠲᠦᠪᠰᠢᠨ ᠤ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ | ᠡᠷᠬᠡᠪᠰᠢ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ | ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠤᠨ ᠴᠡᠷᠢᠭ ᠠᠩᠭᠢ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠬᠠᠮᠲᠤᠷᠠᠭᠰᠠᠨ ᠪᠠᠶᠢᠯᠳᠤᠭᠠᠨ ᠬᠢᠬᠦ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠡᠷᠢᠭ | ᠠᠩᠭᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ | ᠦᠨᠳᠦᠰᠦᠨ ᠪᠠᠲᠤᠯᠠᠭ᠎ᠠ ᠮᠥᠨ᠃ ᠡᠷᠬᠡᠪᠰᠢ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠢᠶᠠᠷ | ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠵᠤ᠂ ᠥᠭᠡᠷᠡᠴᠢᠯᠡᠯᠲᠡ ᠬᠢᠬᠦ | ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ | ᠲᠠᠰᠤᠷᠠᠯᠲᠠ ᠦᠭᠡᠢ ᠠᠬᠢᠭᠤᠯᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ | ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠷᠬᠡᠪᠰᠢ ᠪᠡᠶ᠎ᠡ ᠪᠠᠨ ᠳᠠᠭᠠᠭᠠᠵᠤ ᠡᠵᠡᠨ ᠮᠡᠳᠡᠬᠦ | ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ | ᠥᠷᠲᠡᠭ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ | ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ | ᠪᠠᠶᠢᠭᠤᠯᠤᠯᠲᠠ ᠳᠤ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ | ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ ᠨᠠᠮ ᠪᠦᠭᠦ | ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ | ᠣᠶᠢᠯᠠᠭᠠᠬᠤ ᠪᠠ ᠡᠵᠡᠮᠰᠢᠬᠦ ᠬᠡᠷᠡᠭᠲᠡᠢ᠃ ᠪᠦᠭᠦ ᠨᠠᠮ ᠢᠶᠠᠷ ᠢᠶᠠᠨ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠲᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | ᠪᠦᠭᠦᠳᠡ ᠬᠤᠷᠠᠯ ᠠᠴᠠ ᠣᠳᠣᠬᠠᠨ ᠤ ᠪᠠᠶᠢᠳᠠᠯ ᠪᠠ ᠡᠭᠦᠷᠭᠡ ᠶᠢ ᠵᠠᠳᠠᠯᠤᠨ ᠰᠢᠨᠵᠢᠯᠡᠭᠡᠳ ᠴᠢᠬᠤᠯᠠᠴᠢᠯᠠᠭᠰᠠᠨ ᠨᠢ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ | ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠶᠣᠰᠣᠭᠠᠷ᠂ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠢᠳᠡᠪᠬᠢᠲᠡᠢ ᠥᠷᠭᠡᠳᠬᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠯᠡᠨ | ᠪᠣᠶᠢᠵᠢᠭᠤᠯᠵᠤ᠂ ᠨᠣᠭᠤᠭᠠᠨ ᠪᠥᠭᠡᠳ ᠨᠡᠭᠦᠷᠡᠰᠦᠲᠦ᠋ᠷᠦᠭᠴᠢ ᠪᠠᠭᠠᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ | ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠤᠬᠠᠭᠠᠯᠠᠨ ᠲᠥᠯᠥᠪᠯᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ | ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ | ᠲᠥᠯᠥᠪᠯᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠴᠢᠬᠤᠯᠠ ᠬᠦᠷᠢᠶᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠭᠠᠮᠰᠢᠭ ᠢᠯᠠᠩᠭᠤᠶ᠎ᠠ ᠦᠶᠡᠷ | ᠤᠰᠤᠲᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠶᠢᠭᠡᠮ ᠤᠨ | ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠨᠡᠶᠢᠭᠡᠮ ᠤᠨ | ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠶᠢ | ᠴᠢᠩᠭᠠᠳᠬᠠᠨ᠂ ᠦᠵᠡᠯ ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ | ᠬᠡᠷᠡᠭᠲᠡᠢ᠃ ᠭᠠᠳᠠᠭᠠᠳᠤ ᠲᠦᠭᠰᠢᠭᠦᠷᠢ ᠰᠢᠯᠭᠠᠯᠲᠠ ᠶᠢ ᠪᠦᠲᠦᠮᠵᠢᠲᠡᠢ ᠠᠷᠭᠠᠴᠠᠨ᠂ ᠪᠦᠭᠦ ᠪᠥᠮᠪᠥᠷᠴᠡᠭ ᠤᠨ ᠵᠠᠰᠠᠯᠲᠠ ᠶᠢ | ᠬᠥᠲᠥᠯᠥᠨ ᠳᠠᠭᠠᠭᠤᠯᠵᠤ᠂ ᠠᠰᠢᠭᠲᠠᠢ ᠭᠠᠳᠠᠭᠠᠳᠤ ᠣᠷᠴᠢᠨ ᠨᠥᠬᠦᠴᠡᠯ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠬᠤ | ᠬᠡᠷᠡᠭᠲᠡᠢ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠰᠠᠶᠢᠲᠤᠷ | ᠠᠳᠬᠤᠵᠤ᠂ ᠪᠦᠭᠦ ᠨᠠᠮ ᠤᠨ ᠮᠠᠷᠺᠰ ᠤᠨ ᠦᠵᠡᠯ ᠤᠨ ᠬᠢᠷᠢ ᠬᠡᠮᠵᠢᠶ᠎ᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ | ᠰᠤᠷᠲᠠᠯ ᠢᠶᠠᠨ ᠦᠨᠡᠨ ᠬᠦ ᠰᠠᠶᠢᠵᠢᠷᠠᠭᠤᠯᠤᠨ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠲᠡᠪᠴᠢᠵᠦ᠂ | ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ | ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ | ᠬᠦᠴᠦᠨ᠂ ᠲᠡᠶᠢᠴᠢᠠ ᠬᠦᠴᠦᠨ ᠢ ᠲᠡᠰᠦᠷᠡᠯᠳᠠ ᠦᠭᠡᠢ ᠴᠢᠩᠭᠠᠳᠬᠠᠬᠤ ᠬᠡᠷᠡᠭᠲᠡᠢ᠃ | ᠪᠦᠭᠦᠳᠡ ᠬᠤᠷᠠᠯ ᠠᠴᠠ ᠨᠠᠮ ᠤᠨ ᠳᠦᠷᠢᠮ ᠤᠨ ᠲᠣᠭᠲᠠᠭᠠᠯ ᠶᠣᠰᠣᠭᠠᠷ᠂ ᠲᠥᠪ ᠬᠤᠷᠢᠶᠠᠨ ᠤ ᠣᠷᠣᠯᠠᠭᠴᠢ ᠭᠡᠰᠢᠭᠦᠨ | ᠳ᠋ᠢᠩ ᠰᠢᠶᠠᠩ ᠴᠢᠶᠦ᠋ᠨ᠂ ᠢᠦᠢ ᠯᠢ ᠵᠢᠶᠦ᠋ᠨ᠂ ᠢᠦᠢ ᠵᠢᠢ ᠬᠤᠩ ᠢ ᠲᠥᠪ ᠬᠤᠷᠢᠶᠠᠨ ᠤ ᠭᠡᠰᠢᠭᠦᠨ ᠢᠶᠠᠷ ᠳᠠᠷᠠᠭᠠᠯᠠᠨ | ᠨᠥᠬᠦᠬᠦ ᠪᠠᠷ ᠲᠣᠭᠲᠠᠭᠠᠪᠠ᠃ | ᠪᠦᠭᠦᠳᠡ ᠬᠤᠷᠠᠯ ᠠᠴᠠ᠂ ᠴᠢᠨ ᠭᠠᠩ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠵᠥᠪᠰᠢᠶᠡᠷᠡᠵᠦ᠂ | ᠴᠢᠨ ᠭᠠᠩ ᠨᠥᠬᠦᠷ ᠤᠨ ᠲᠥᠪ ᠬᠤᠷᠢᠶᠠᠨ ᠤ ᠭᠡᠰᠢᠭᠦᠨ ᠤ ᠲᠤᠰᠢᠶᠠᠯ ᠢ ᠬᠠᠰᠤᠬᠤ ᠪᠠᠷ ᠲᠣᠭᠲᠠᠭᠠᠪᠠ᠃ | ᠪᠦᠭᠦᠳᠡ ᠬᠤᠷᠠᠯ ᠠᠴᠠ ᠯᠢ ᠱᠠᠩ ᠹᠦ᠋᠂ ᠯᠢ ᠢᠦᠢ ᠴᠣᠣ᠂ ᠰᠦᠨ ᠶᠢᠨ ᠮᠢᠩ ᠤᠨ ᠰᠠᠬᠢᠯᠭ᠎ᠠ ᠪᠠᠲᠤ ᠬᠠᠤᠯᠢ | ᠴᠠᠭᠠᠵᠠ ᠠᠴᠠ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ | ᠪᠠᠲᠤᠯᠠᠭᠠᠳ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠠᠴᠠ ᠲᠦᠷᠦᠭᠦᠬᠡᠨ ᠭᠠᠷᠭᠠᠭᠰᠠᠨ ᠯᠢ ᠱᠠᠩ ᠹᠦ᠋᠂ ᠯᠢ | ᠢᠦᠢ ᠴᠣᠣ᠂ ᠰᠦᠨ ᠶᠢᠨ ᠮᠢᠩ ᠳᠤ ᠥᠭᠭᠦᠭᠰᠡᠨ ᠨᠠᠮ ᠠᠴᠠ ᠬᠥᠭᠡᠭᠡᠬᠦ ᠰᠢᠢᠳᠬᠡᠯ ᠢ ᠨᠤᠲᠠᠯᠠᠪᠠ᠃ | ᠪᠦᠭᠦᠳᠡ ᠬᠤᠷᠠᠯ ᠠᠴᠠ ᠤᠷᠢᠶᠠᠯᠠᠭᠰᠠᠨ ᠨᠢ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ | ᠢᠯᠡᠭᠦᠦ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠤᠨ᠂ ᠰᠡᠳᠬᠢᠯ ᠢᠶᠠᠨ | ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠵᠡᠭᠡᠶ᠎ᠡ︕ |