ᠣᠶᠢᠷ᠎ᠠ ᠶᠢᠨ ᠡᠳᠦᠷ ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠭ᠎ᠠ ᠰᠤᠷᠭᠠᠭᠤᠯᠢ ᠶᠢᠨ | ᠲᠠᠮᠢᠷ ᠤᠨ ᠲᠠᠯᠠᠪᠤᠷ ᠤᠨ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠡᠬᠢᠯᠡᠯ᠎ᠡ᠃ | | ᠦᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ | ᠤᠨ ᠲᠠᠯᠠᠪᠤᠷ ᠤᠨ ᠲᠥᠷᠥᠯ ᠵᠦᠶᠯ ᠪᠣᠯ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠨᠢᠭᠡ ᠪᠣᠯᠤᠨ᠎ᠠ᠂ ᠲᠣᠰ ᠲᠥᠷᠥᠯ ᠵᠦᠶᠯ ᠤᠨ ᠲᠠᠯᠠᠪᠠᠶ | ᠨᠢ 6812 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 3096 ᠲᠡᠭᠰᠢ ᠳᠥᠷᠪᠡᠯᠵᠢᠨ ᠮᠧᠲᠷ | ᠪᠠᠶᠢᠵᠤ᠂ ᠭᠤᠤᠯᠳᠠᠭᠤ ᠣᠯᠠᠨ ᠴᠢᠳᠠᠪᠤᠷᠢᠲᠤ ᠬᠥᠳᠡᠯᠭᠡᠭᠡᠨ ᠤ ᠲᠠᠰᠤᠭ᠂ ᠰᠠᠭᠰᠤᠨ ᠪᠥᠮᠪᠦᠭᠡ ᠶᠢᠨ ᠲᠠᠯᠠᠪᠤᠷ᠂ | ᠠᠯᠠᠭᠠᠳᠠᠬᠤ ᠪᠥᠮᠪᠦᠭᠡ ᠶᠢᠨ ᠲᠠᠯᠠᠪᠤᠷ᠂ ᠪᠠᠭᠠᠵᠢ ᠬᠡᠷᠡᠭᠰᠡᠯ ᠤᠨ ᠲᠠᠰᠤᠭ ᠵᠡᠷᠭᠡ ᠶᠢ ᠪᠥᠲᠥᠭᠡᠨ ᠪᠠᠶᠢᠭᠤᠯᠤᠨ᠎ᠠ᠃ | | ᠵᠢᠱᠢᠯᠲᠡ ᠪᠠᠷ ᠡᠨᠡ ᠵᠢᠯ ᠤᠨ ᠡᠴᠦᠰ ᠲᠤ ᠲᠤᠰ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠠᠭᠤᠷᠢ ᠲᠥᠬᠦᠭᠡᠷᠦᠮᠵᠢ ᠶᠢ | ᠰᠠᠶᠢᠵᠢᠷᠠᠭᠤᠯᠵᠤ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠨᠥᠬᠦᠴᠡᠯ ᠢ ᠳᠡᠭᠡᠭᠰᠢᠯᠡᠭᠦᠯᠦᠨ᠂ ᠥᠷᠭᠡᠨ | ᠣᠯᠠᠨ ᠪᠠᠭᠰᠢ ᠰᠤᠷᠤᠭᠴᠢᠳ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭᠴᠡᠭᠡ ᠶᠢ ᠨᠠᠩ ᠰᠠᠶᠢᠲᠤᠷ | ᠬᠠᠩᠭᠠᠵᠤ᠂ ᠰᠤᠷᠭᠠᠨ ᠬᠦᠮᠦᠵᠢᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠬᠦᠴᠦᠲᠡᠶ ᠲᠤᠯᠭᠠᠭᠤᠷᠢᠯᠠᠯ | ᠬᠠᠩᠭᠠᠬᠤ ᠪᠣᠯᠤᠨ᠎ᠠ᠃ |