ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠲᠥᠷᠥᠯ ᠵᠦᠶᠯ ᠪᠠᠷᠢᠯᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/7/24
    ᠣᠶᠢᠷ᠎ᠠ ᠶᠢᠨ ᠡᠳᠦᠷ  ᠂ ᠪᠠᠷᠠᠭᠤᠨ ᠦᠵᠦᠮᠦᠴᠢᠨ ᠬᠤᠰᠢᠭᠤᠨ  ᠤ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠡᠬᠢᠯᠡᠯ᠎ᠡ᠃
    ᠦᠢᠯᠠᠭᠠᠭᠰᠠᠨ ᠢᠶᠠᠷ᠂  ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ  ᠤᠨ ᠲᠠᠯᠠᠪᠤᠷ ᠤᠨ ᠲᠥᠷᠥᠯ ᠵᠦᠶᠯ ᠪᠣᠯ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠨᠢᠭᠡ ᠪᠣᠯᠤᠨ᠎ᠠ᠂ ᠲᠣᠰ ᠲᠥᠷᠥᠯ ᠵᠦᠶᠯ ᠤᠨ  ᠲᠠᠯᠠᠪᠠᠶ  ᠨᠢ 6812 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 3096 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠣᠯᠠᠨ ᠴᠢᠳᠠᠪᠤᠷᠢᠲᠤ ᠬᠥᠳᠡᠯᠭᠡᠭᠡᠨ ᠤ ᠲᠠᠰᠤᠭ᠂ ᠰᠠᠭᠰᠤᠨ ᠪᠥᠮᠪᠦᠭᠡ ᠶᠢᠨ ᠲᠠᠯᠠᠪᠤᠷ᠂ ᠠᠯᠠᠭᠠᠳᠠᠬᠤ ᠪᠥᠮᠪᠦᠭᠡ ᠶᠢᠨ ᠲᠠᠯᠠᠪᠤᠷ᠂ ᠪᠠᠭᠠᠵᠢ ᠬᠡᠷᠡᠭᠰᠡᠯ ᠤᠨ ᠲᠠᠰᠤᠭ ᠵᠡᠷᠭᠡ ᠶᠢ ᠪᠥᠲᠥᠭᠡᠨ ᠪᠠᠶᠢᠭᠤᠯᠤᠨ᠎ᠠ᠃
   ᠵᠢᠱᠢᠯᠲᠡ ᠪᠠᠷ ᠡᠨᠡ ᠵᠢᠯ ᠤᠨ ᠡᠴᠦᠰ ᠲᠤ ᠲᠤᠰ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠨᠥᠬᠦᠴᠡᠯ ᠢ ᠳᠡᠭᠡᠭᠰᠢᠯᠡᠭᠦᠯᠦᠨ᠂ ᠥᠷᠭᠡᠨ ᠣᠯᠠᠨ ᠪᠠᠭᠰᠢ  ᠰᠤᠷᠤᠭᠴᠢᠳ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ  ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂  ᠰᠤᠷᠭᠠᠨ ᠬᠦᠮᠦᠵᠢᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号