ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠳᠤ ᠡᠬᠢᠯᠠᠵᠦ ᠶᠠᠪᠤᠭᠳᠠᠯ᠎ᠠ
ᠨᠡᠶᠢᠲᠡᠯᠡᠭᠰᠡᠨ ᠴᠠᠭ᠄
2024/7/24
    7 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ  ᠵᠢᠭᠤᠯᠴᠢᠯᠠᠯ ᠤᠨ ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠳᠤ  ᠡᠬᠢᠯᠠᠵᠦ ᠶᠠᠪᠤᠭᠳᠠᠪᠠ᠃
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠤᠷᠤᠯᠳᠤᠭᠠᠨ ᠪᠣᠯ ᠪᠥᠬᠦ ᠣᠷᠣᠨ ᠤ ᠬᠥᠭᠵᠢᠮ ᠤᠨ ᠤᠷᠠᠯᠢᠭ ᠤᠨ ᠬᠦᠷᠢᠶᠡᠨ ᠳᠠᠬᠢ ᠬᠠᠮᠤᠭ ᠤᠨ ᠡᠷᠬᠡ ᠰᠦᠷᠲᠦ ᠴᠢᠨᠠᠷᠲᠠᠢ ᠲᠤᠰᠬᠠᠢ ᠮᠡᠷᠭᠡᠵᠢᠯ ᠤᠨ ᠤᠷᠤᠯᠳᠤᠭᠠᠨ ᠪᠠᠶᠢᠵᠤ᠂ ᠨᠢᠭᠡᠨᠲᠡ ᠬᠤᠶᠠᠷ ᠬᠤᠭᠤᠴᠠᠭ᠎ᠠ ᠠᠮᠵᠢᠯᠲᠠ ᠲᠠᠢ ᠶᠠᠪᠤᠭᠳᠠᠵᠦ᠂ ᠮᠠᠨ ᠤ ᠣᠷᠣᠨ ᠤ ᠬᠥᠭᠵᠢᠮ ᠤᠨ ᠤᠷᠠᠯᠢᠭ ᠤᠨ ᠬᠢᠷᠢ ᠲᠦᠪᠰᠢᠨ ᠤ ᠲᠥᠪᠯᠡᠷᠡᠩᠭᠦᠢ ᠦᠵᠡᠭᠦᠯᠦᠯᠭᠡ ᠪᠤᠯᠤᠭᠰᠠᠨ ᠢᠶᠠᠷ ᠪᠠᠷᠠᠬᠤ ᠦᠭᠡᠢ᠂ ᠰᠣᠶᠣᠯ ᠤᠨ ᠰᠣᠯᠢᠯᠴᠠᠭ᠎ᠠ ᠶᠢ ᠠᠬᠢᠭᠤᠯᠬᠤ᠂ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠠᠵᠠ ᠲᠣᠬᠢᠶᠠᠯ  ᠪᠠᠶᠢᠵᠦ᠂ ᠤᠮᠠᠷᠠᠲᠤ ᠶᠢᠨ ᠰᠣᠶᠣᠯ ᠤᠨ ᠨᠡᠷᠡᠲᠦ ᠲᠡᠮᠳᠡᠭ ᠢ ᠪᠤᠶ ᠪᠣᠯᠭᠠᠬᠤ᠂ ᠰᠢᠯᠢᠳᠡᠭ ᠬᠥᠭᠵᠢᠮ ᠤᠨ ᠪᠦᠲᠦᠭᠡᠯ   ᠢ ᠵᠣᠬᠢᠶᠠᠨ ᠪᠦᠲᠦᠭᠡᠬᠦ᠂ ᠰᠢᠯᠢᠳᠡᠭ ᠬᠥᠭᠵᠢᠮ ᠤᠨ ᠡᠭᠦᠳᠦᠨ ᠪᠦᠲᠦᠭᠡᠬᠦ ᠴᠢᠳᠠᠪᠤᠷᠢᠲᠠᠨ ᠢ ᠬᠥᠮᠥᠵᠢᠭᠦᠯᠬᠦ᠂ ᠰᠣᠶᠣᠯ ᠤᠷᠠᠯᠢᠭ ᠤᠨ ᠰᠣᠯᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ  ᠲᠠᠢ ᠶᠤᠮ᠃
   ᠤᠷᠤᠯᠳᠤᠭᠠᠨ ᠳᠤ᠂ ᠪᠦᠬᠦ ᠤᠷᠤᠨ ᠤ ᠡᠯ᠎ᠠ ᠠᠶᠢᠮᠠᠭ ᠬᠤᠳᠠ ᠶᠢᠨ 15 ᠭᠦᠭᠵᠢᠮ ᠤᠨ ᠠᠩᠭᠢ ᠶᠢᠨ 166 ᠬᠥᠭᠵᠢᠮ ᠤᠨ ᠪᠦᠲᠦᠭᠡᠯ᠂ 500 ᠭᠠᠷᠤᠢ ᠭᠦᠭᠵᠢᠮᠴᠢᠨ ᠣᠷᠣᠯᠴᠠᠵᠤ᠂ ᠥᠷᠭᠡᠨ ᠤᠯᠠᠨ ᠦᠵᠡᠭᠴᠢᠳ ᠲᠤ ᠬᠥᠭᠵᠢᠮ ᠤᠨ ᠲᠣᠭᠯᠠᠯᠲᠠ ᠶᠢᠨ ᠤᠷᠠᠯᠢᠭ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠬᠦ ᠪᠣᠯᠣᠨ᠎ᠠ᠃    ᠲᠤᠰ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠪᠣᠯᠣᠨ ᠤᠯᠠᠭᠠᠨᠮᠥ᠋ᠴᠢᠷ ᠤᠨ ᠲᠤᠭᠯᠠᠭᠴᠢᠳ ᠵᠡᠷᠭᠡ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠢᠳᠡᠪᠬᠢᠲᠡᠢ ᠤᠷᠤᠯᠴᠠᠭᠰᠠᠨ ᠤ ᠬᠠᠮᠳᠣ᠂ ᠠᠬ᠎ᠠ ᠳᠡᠭᠦᠦ ᠮᠤᠵᠢ ᠬᠤᠳᠠ ᠶᠢᠨ ᠲᠤᠰᠬᠠᠢ ᠮᠡᠷᠭᠡᠵᠢᠯ ᠤᠨ ᠰᠢᠯᠭᠠᠷᠠᠭᠤᠯᠬᠤ ᠺᠣᠮᠢᠰ ᠤᠨ ᠭᠡᠰᠢᠭᠦᠨ ᠢ ᠤᠷᠢᠵᠤ  ᠬᠢᠨᠠᠨ ᠰᠢᠯᠭᠠᠷᠠᠭᠤᠯᠤᠯᠳᠠ ᠬᠢᠯᠬᠡᠭᠰᠡᠨ ᠪᠠᠶᠢᠨ᠎ᠠ᠃    ᠤᠷᠤᠯᠳᠤᠭᠠᠨ ᠨᠢ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠭᠤᠴᠣᠯᠠᠯ ᠬᠥᠭᠵᠢᠮ ᠤᠨ ᠲᠥᠷᠥᠯ ᠪᠠ ᠨᠠᠶᠢᠷᠠᠯ ᠬᠥᠭᠵᠢᠮ ᠤᠨ ᠲᠥᠷᠥᠯ ᠬᠡᠵᠦ ᠬᠤᠪᠢᠶᠠᠨ᠂ ᠭᠤᠴᠣᠯᠠᠯ ᠬᠥᠭᠵᠢᠮ ᠤᠨ ᠲᠥᠷᠥᠯ ᠳᠤ ᠮᠣᠷᠢᠨ ᠬᠤᠭᠤᠷ ᠵᠡᠷᠬᠡ 8 ᠭᠦᠭᠵᠢᠮ ᠤᠨ ᠲᠦᠷᠦᠯ ᠪᠠᠭᠲᠠᠨ᠂ ᠨᠠᠶᠢᠷᠠᠯ ᠬᠥᠭᠵᠢᠮ ᠤᠨ ᠲᠥᠷᠥᠯ ᠳᠤ ᠠᠷᠠᠳ ᠤᠨ ᠬᠥᠭᠵᠢᠮ ᠵᠡᠷᠬᠡ 5 ᠲᠦᠷᠦᠯ ᠤᠨ ᠭᠦᠭᠵᠢᠮ ᠢ ᠪᠠᠭᠳᠠᠭᠠᠨ᠎ᠠ᠃    ᠲᠤᠰ ᠤᠳᠠᠭᠠᠨ ᠤ ᠤᠷᠤᠯᠳᠣᠭᠠᠨ ᠳᠤ ᠪᠦᠬᠦ ᠤᠷᠤᠨ ᠤ ᠡᠯ᠎ᠠ ᠭᠠᠵᠠᠷ ᠠᠴᠠ ᠭᠦᠷᠦᠯᠴᠠᠨ ᠢᠷᠡᠭᠰᠠᠨ ᠭᠦᠭᠵᠢᠮᠴᠢᠳ ᠨᠢ ᠦᠪᠡᠷ ᠦᠪᠡᠷ ᠤᠨ ᠭᠦᠭᠵᠢᠮ ᠤᠨ ᠠᠪᠢᠶᠠᠰ ᠴᠢᠳᠠᠪᠤᠷᠢ ᠪᠠᠨ ᠰᠣᠶᠢᠵᠦ᠂ ᠠᠷᠡᠳ ᠤᠨ ᠬᠥᠭᠵᠢᠮ ᠤᠨ ᠭᠤᠶᠢᠳᠠ ᠰᠠᠶᠢᠬᠠᠨ ᠢ ᠭᠠᠶᠢᠬᠠᠭᠤᠯᠤᠨ᠂ ᠪᠦᠬᠦ ᠣᠷᠣᠨ ᠤ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠪᠤᠯᠤᠨ ᠬᠥᠭᠵᠢᠮ ᠤᠨ ᠬᠦᠷᠢᠶᠡᠨ ᠳᠠᠬᠢ ᠬᠠᠮᠤᠭ ᠤᠨ ᠰᠢᠨ᠎ᠡ ᠦᠷ᠎ᠡ ᠪᠦᠲᠦᠭᠡᠯ ᠢ ᠢᠯᠡᠷᠡᠭᠦᠯᠵᠦ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠦᠬᠦ ᠣᠷᠣᠨ ᠤ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠬᠤ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号