ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠵᠢᠨ‌‍ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
      7 ᠰᠠᠷ᠎ᠠ ᠶᠢᠨ 19  ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠪᠠ᠃ ︽ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2023 ︱ 2024 ᠣᠨ ᠤ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠦᠨᠡᠨ ᠮᠥᠨ ᠢᠶᠠᠷ ᠨᠢ ᠮᠡᠳᠡᠭᠦᠯᠦᠭᠰᠡᠨ ᠦᠭᠡᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃
    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃
      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠬᠤ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠬᠠᠲᠠᠭᠤᠵᠢᠯᠲᠠᠢ ᠡᠭᠦᠷᠭᠡ ᠪᠣᠯᠣᠨ᠎ᠠ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ  ᠰᠠᠶᠢᠲᠤᠷ ᠬᠢᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ  ᠤᠨ ᠳᠦᠷᠢᠮ︾ ᠤᠨ ᠠᠭᠤᠯᠤᠭᠳᠠᠬᠤᠨ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠣᠶᠣᠨ ᠢᠶᠠᠨ ᠵᠡᠪᠰᠡᠭᠯᠡᠬᠦ ᠶᠢ ᠪᠠᠷᠢᠮᠲᠠᠯᠠᠨ᠂ ᠭᠤᠣᠯ ᠡᠭᠦᠷᠭᠡ ᠶᠢ ᠲᠣᠳᠣᠷᠬᠠᠶᠢᠯᠠᠵᠤ᠂ ︽ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠴᠤᠭ ᠪᠠᠳᠠᠷᠠᠩᠭᠤᠢ ᠲᠡᠮᠡᠴᠡᠯ ᠤᠨ ᠵᠣᠷᠢᠭ ᠰᠠᠨᠠᠭ᠎ᠠ᠂ ᠪᠣᠳᠠᠲᠠᠢ ᠶᠢ ᠡᠷᠬᠢᠮᠯᠡᠬᠦ ᠰᠤᠷᠲᠠᠯ᠂  ᠯᠠᠪᠳᠠᠭᠤᠨ ᠪᠠᠲᠤᠲᠠᠢ ᠠᠵᠢᠯ ᠤᠨ ᠠᠷᠭ᠎ᠠ ᠬᠡᠮᠵᠢᠶ᠎ᠡ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠲᠠᠰᠤᠷᠠᠯᠳᠡ ᠦᠭᠡᠢ ᠠᠬᠢᠭᠤᠯᠵᠤ᠂ ᠠᠬᠠᠮᠠᠳ ᠬᠤᠪᠢᠰᠬᠠᠯᠴᠢᠳ ᠤᠨ ᠤᠶᠤᠨ ᠤᠬᠠᠭᠠᠨ ᠪᠣᠯᠣᠨ ᠲᠤᠷᠰᠢᠯᠭ᠎ᠠ ᠶᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠣᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠲᠡᠦᠬᠡᠨ ᠦᠢᠯᠡᠳᠦᠯᠭᠡ ᠳᠤᠮᠳᠠ ᠰᠢᠨ᠎ᠡ ᠴᠠᠭ ᠦᠶ᠎ᠡ ᠶᠢᠨ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠬᠦ ᠬᠡᠷᠡᠭᠲᠡᠢ ᠭᠡᠵᠡᠢ᠃      ᠬᠤᠷᠠᠯ ᠳᠤ ᠪᠠᠰᠠ ᠬᠠᠮᠢᠶ᠎ᠠ ᠪᠦᠬᠦᠢ ᠥᠪᠡᠷᠲᠡᠭᠡᠨ ᠰᠤᠷᠤᠯᠴᠠᠬᠤ ᠠᠭᠤᠯᠭ᠎ᠠ ᠶᠢ ᠲᠣᠬᠢᠷᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号