ᠶᠣᠣ ᠬᠤᠩ ᠭᠠᠩ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 18 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
     ᠶᠣᠣ ᠬᠤᠩ ᠭᠠᠩ ᠴᠢᠨ ᠯᠢᠦᠢ ᠤᠯᠠᠭᠠᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠯᠠᠭ᠎ᠠ ᠰᠣᠮᠣᠨ ᠤ ᠠᠰᠢᠲᠠᠢ ᠮᠢᠬᠠᠨ ᠤ ᠦᠬᠡᠷ ᠢ ᠨᠠᠶᠢᠳᠠᠯᠭ᠎ᠠ ᠪᠠᠷ ᠲᠡᠵᠢᠭᠡᠬᠦ ᠰᠠᠭᠤᠷᠢᠨ ᠭᠠᠵᠠᠷ ᠲᠤ ᠬᠦᠷᠴᠦ᠂ ᠬᠤᠷᠠᠭᠠᠨ ᠤ ᠭᠠᠷᠭᠠᠯᠲᠠ ᠳᠤ ᠨᠥᠬᠦᠪᠦᠷᠢ ᠣᠯᠭᠤᠵᠤ ᠪᠠᠶᠢᠭ᠎ᠠ ᠪᠠᠶᠢᠳᠠᠯ᠂ ᠮᠢᠬᠠᠨ ᠤ ᠦᠬᠡᠷ ᠢ ᠨᠠᠶᠢᠳᠠᠯᠭ᠎ᠠ ᠪᠠᠷ ᠲᠦᠪᠯᠡᠷᠡᠭᠦᠯᠦᠨ ᠬᠠᠮᠢᠶᠠᠷᠴᠤ ᠣᠷᠣᠯᠠᠨ ᠮᠠᠯᠵᠢᠵᠤ ᠪᠠᠶᠢᠭ᠎ᠠ ᠪᠠᠶᠢᠳᠠᠯ ᠵᠢᠴᠢ ᠡᠪᠡᠰᠦ ᠪᠣᠷᠳᠤᠭ᠎ᠠ ᠶᠢ ᠨᠥᠭᠡᠴᠡᠯᠡᠵᠦ ᠡᠳ᠋ᠰᠢᠭᠦᠯᠵᠦ ᠪᠠᠶᠢᠭ᠎ᠠ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃
    ᠶᠣᠣ ᠬᠤᠩ ᠭᠠᠩ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠨᠢ ᠤᠯᠤᠰ ᠲᠥᠷᠥ ᠶᠢᠨ ᠵᠣᠭᠰᠣᠴᠠ  ᠪᠠᠨ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠠᠷᠭ᠎ᠠ ᠮᠠᠶ᠋ᠢᠭ ᠢ ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠳᠠᠰᠢ ᠬᠤᠪᠢᠷᠠᠭᠤᠯᠬᠤ ᠶᠢ ᠠᠬᠢᠭᠤᠯᠤᠨ᠂ ᠡᠪᠡᠰᠦ ᠪᠣᠷᠳᠤᠭ᠎ᠠ ᠬᠠᠩᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠵᠢᠬᠤ ᠡᠷᠦᠬᠡ ᠶᠢᠨ ᠴᠥᠬᠡᠨ ᠮᠠᠯᠵᠢᠵᠤ ᠨᠠᠷᠢᠯᠢᠭ ᠠᠷᠠᠴᠢᠯᠠᠬᠤ ᠶᠢ ᠬᠥᠲᠥᠯᠥᠨ ᠵᠢᠯᠣᠭᠤᠳᠴᠤ᠂  ᠮᠠᠯ ᠤᠨ ᠭᠠᠷᠭᠠᠯᠲᠠ ᠶᠢᠨ ᠠᠵᠢᠯ ᠢ ᠰᠠᠶᠢᠲᠤᠷ ᠠᠳᠬᠤᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠴᠢᠨᠠᠭᠰᠢᠳᠠ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠮᠠᠯᠴᠢᠨ ᠲᠦᠮᠡᠨ ᠳᠤ ᠲᠣᠰ ᠠᠵᠢᠯ ᠤᠨ ᠴᠢᠬᠤᠯᠠ ᠴᠢᠨᠠᠷ ᠢ ᠪᠥᠬᠦ ᠲᠠᠯ᠎ᠠ ᠪᠠᠷ ᠣᠶᠢᠯᠠᠭᠠᠭᠤᠯᠤᠨ᠂ ᠣᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠵᠢᠯᠣᠭᠤᠳᠤᠯᠭ᠎ᠠ ᠪᠠ ᠦᠢᠯᠡᠴᠢᠯᠡᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠲᠡᠷᠢᠭᠦᠨ ᠤ ᠲᠤᠷᠰᠢᠯᠭ᠎ᠠ ᠪᠠᠨ ᠳ᠋ᠦᠩᠨᠡᠵᠦ᠂ ᠨᠢᠭᠡ ᠢᠵᠢ ᠬᠡᠷᠡᠭᠵᠢᠭᠦᠯᠦᠨ ᠳᠡᠯᠭᠡᠷᠡᠭᠦᠯᠵᠦ ᠪᠣᠯᠬᠤᠶᠢᠴᠠ ᠬᠠᠰᠢᠶᠠᠯᠠᠨ ᠮᠠᠯᠵᠢᠬᠤ ᠵᠠᠭᠪᠤᠷ ᠢ ᠭᠠᠷᠭᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号