ᠪᠠᠷᠠᠭᠤᠨ ᠦᠵᠦᠮᠦᠴᠢᠨ ᠬᠤᠰᠢᠭᠤᠨ ᠤ 2024 ᠣᠨ ᠤ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠴᠦ ᠪᠠᠨ ᠡᠷᠭᠦᠨ᠎ᠡ︾ ᠭᠡᠬᠦ ᠴᠡᠷᠢᠭ ᠤᠨ ᠶᠠᠪᠤᠳᠠᠯ ᠤᠨ ᠵᠤᠰᠠᠯᠠᠩ ᠤᠨ ᠠᠵᠢᠯᠯᠠᠭ᠎ᠠ ᠠᠮᠵᠢᠯᠳᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 22 ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠴᠦ ᠪᠠᠨ ᠡᠷᠭᠦᠨ᠎ᠡ︾ ᠭᠡᠬᠦ ᠴᠡᠷᠢᠭ ᠤᠨ ᠶᠠᠪᠤᠳᠠᠯ ᠤᠨ ᠵᠤᠰᠠᠯᠠᠩ ᠤᠨ ᠠᠵᠢᠯᠯᠠᠭ᠎ᠠ ᠶᠢᠨ ᠲᠠᠭᠦᠰᠬᠦ ᠶᠤᠰᠣᠯᠠᠯ ᠢ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂  ᠰᠤᠷᠭᠠᠨ ᠬᠥᠮᠦᠵᠢᠯ ᠤᠨ ᠲᠣᠪᠴᠢᠶ᠎ᠠ᠂  ᠡᠪᠯᠡᠯ ᠤᠨ ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠠᠭᠤᠭ᠎ᠠ ᠴᠡᠷᠢᠭ ᠠᠩᠭᠢ ᠶᠢᠨ ᠬᠠᠷᠢᠭᠤᠴᠠᠯᠭᠠᠲᠠᠨ ᠵᠢᠴᠢ ᠰᠤᠷᠤᠭᠴᠢᠳ ᠪᠣᠯᠣᠨ ᠭᠡᠷ ᠤᠨ ᠠᠬᠠᠮᠠᠳ  ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠡᠬᠢᠯᠡᠮᠡᠭᠴᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ᠂ ᠳᠠᠰᠬᠠᠯᠵᠢᠭᠤᠯᠤᠭᠴᠢ᠂ ᠰᠤᠷᠤᠭᠴᠢᠳ ᠪᠣᠯᠣᠨ ᠭᠡᠷ ᠤᠨ ᠠᠬᠠᠮᠠᠳ ᠬᠠᠮᠲᠤ ᠪᠠᠷ ᠤᠯᠤᠰ ᠤᠨ ᠳᠠᠭᠤᠤ ᠶᠢ ᠳᠠᠭᠤᠯᠠᠵᠤ᠂ ᠤᠯᠤᠰ ᠤᠨ ᠲᠤᠭ ᠮᠠᠨᠳᠤᠭᠤᠯᠪᠠ᠃ ᠳᠠᠷᠠᠭ᠎ᠠ ᠨᠢ ᠰᠤᠷᠤᠭᠴᠢᠳ ᠴᠡᠷᠢᠭ ᠤᠨ  ᠪᠣᠯᠪᠠᠰᠤᠷᠠᠯ ᠤᠨ ᠦᠷ᠎ᠡ ᠪᠦᠲᠦᠭᠡᠯ ᠤᠨ ᠦᠵᠡᠭᠦᠯᠦᠯᠭᠡ ᠭᠠᠷᠭᠠᠵᠤ᠂  ᠰᠤᠷᠤᠭᠴᠢᠳ ᠤᠨ ᠡᠷᠡᠰ ᠴᠢᠩᠭ᠎ᠠ᠂ ᠰᠦᠷ ᠵᠢᠪᠬᠤᠯᠠᠩᠲᠤ ᠢᠳᠠᠬᠡᠯ ᠵᠤᠷᠢᠭ ᠪᠠ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠡᠷᠡᠯᠬᠡᠭᠯᠡᠨ ᠤᠷᠤᠭᠰᠢᠯᠠᠬᠤ ᠴᠤᠭ ᠵᠢᠪᠬᠤᠭ᠎ᠠ ᠶᠢ ᠢᠯᠡᠷᠡᠭᠦᠯᠪᠡ᠃      ᠶᠣᠰᠣᠯᠠᠯ ᠳᠤ᠂ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠴᠦ ᠪᠠᠨ ᠡᠷᠭᠦᠨ᠎ᠡ︾ ᠭᠡᠬᠦ ᠴᠡᠷᠢᠭ  ᠤᠨ ᠶᠠᠪᠤᠳᠠᠯ ᠤᠨ ᠵᠤᠰᠠᠯᠠᠩ ᠤᠨ ᠰᠤᠷᠤᠭᠴᠢᠳ ᠪᠣᠯᠣᠨ ᠰᠤᠷᠭᠠᠭᠴᠢ ᠨᠠᠷ ᠲᠤ ᠰᠤᠷᠤᠯᠭ᠎ᠠ ᠲᠡᠭᠦᠰᠦᠭᠰᠡᠨ ᠦᠨᠡᠮᠯᠡᠯ ᠪᠣᠯᠣᠨ ᠢᠷᠠᠭᠤ ᠠᠯᠳᠠᠷ ᠤᠨ ᠦᠨᠡᠮᠯᠡᠯ ᠣᠯᠭᠤᠵᠠᠢ᠃ ᠰᠤᠷᠤᠭᠴᠢ ᠶᠢᠨ ᠲᠥᠯᠥᠭᠡᠯᠡᠭᠴᠢ ᠠᠴᠠ ᠶᠠᠷᠢᠶ᠎ᠠ ᠲᠠᠯᠪᠢᠵᠤ᠂ ᠬᠤᠶᠢᠰᠢᠳᠠ ᠰᠤᠷᠤᠯᠭ᠎ᠠ ᠠᠮᠢᠳᠤᠷᠠᠯ ᠤᠨ ᠳᠤᠮᠳᠠ ᠪᠠᠨ ᠢᠮᠠᠭᠲᠠ ᠴᠡᠷᠢᠭ ᠬᠥᠮᠥᠨ ᠤ ᠰᠢᠯᠢᠳᠡᠭ ᠰᠤᠷᠲᠠᠯ ᠢ ᠰᠤᠷᠤᠯᠴᠠᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ   ᠶᠢᠨ ᠦᠵᠡᠯᠲᠡ ᠪᠠ ᠥᠷᠲᠡᠭ ᠤᠨ ᠦᠵᠡᠯᠲᠡ ᠲᠠᠢ ᠪᠣᠯᠵᠤ᠂ ᠠᠯᠤᠰ ᠬᠡᠳᠦ  ᠶᠢᠨ ᠬᠦᠰᠡᠯᠡᠩ ᠲᠠᠢ᠂ ᠨᠡᠶᠢᠭᠡᠮ ᠵᠢᠷᠤᠮ ᠤᠨ ᠬᠢᠷᠢ ᠲᠡᠩᠴᠡᠭᠰᠡᠨ ᠵᠠᠯᠭᠠᠮᠵᠢᠯᠠᠭᠴᠢ ᠪᠣᠯᠬᠤ ᠪᠠᠷ ᠴᠢᠷᠮᠠᠶᠢᠨ᠎ᠠ ᠬᠡᠵᠡᠢ᠃      ᠠᠵᠢᠯᠯᠠᠭ᠎ᠠ ᠳᠤ᠂ ᠭᠡᠷ ᠤᠨ ᠠᠬᠠᠮᠠᠳ ᠤᠨ ᠲᠥᠯᠥᠭᠡᠯᠡᠭᠴᠢ ᠠᠴᠠ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠷᠢᠶ᠎ᠠ᠂ ᠣᠶ ᠰᠢᠭᠤᠢ ᠶᠢᠨ ᠭᠠᠯ ᠤᠨᠲᠠᠷᠠᠭᠠᠬᠤ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠳᠤ ᠬᠡᠮᠡᠷᠯᠢᠭ ᠲᠤᠭ ᠬᠦᠷᠭᠡᠵᠦ᠂ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号