ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠪᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/24
    ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 21 ᠤ ᠡᠳᠦᠷ ᠤᠨ ᠴᠠᠭᠢᠯᠭᠠᠨ ᠮᠡᠳᠡᠭᠡ   21 ᠤ ᠡᠳᠦᠷ ᠨᠡᠶᠢᠲᠡᠯᠡᠭᠰᠡᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠬᠡᠷᠡᠭᠵᠢᠭᠦᠯᠬᠦ ᠣᠷᠣᠨ ᠰᠠᠭᠤᠴᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠪᠴᠢᠯᠡᠨ ᠪᠠᠶᠢᠭᠤᠯᠤᠨ᠎ᠠ ᠭᠡᠵᠦ ᠳᠤᠷᠠᠳᠪᠠ᠃      ᠲᠣᠭᠲᠠᠭᠠᠯ ᠳᠤ ᠳᠤᠷᠠᠳᠬᠤ ᠳᠤ ᠪᠠᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠴᠠᠯᠢᠩ ᠣᠯᠣᠭᠰᠠᠳ ᠤᠨ ᠵᠠᠪᠠᠯ ᠬᠡᠷᠡᠭᠰᠡᠬᠦ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠨ᠎ᠡ ᠭᠡᠵᠡᠢ᠃      ︽ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠣᠷᠣᠨ ᠰᠠᠭᠤᠴᠠ ᠶᠢᠨ ᠬᠠᠩᠭᠠᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠵᠠᠪᠠᠯ ᠬᠡᠷᠡᠭᠰᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠥᠪ ᠤᠨ ᠳᠡᠳ᠋ ᠡᠷᠬᠢᠯᠡᠭᠴᠢ ᠫᠦ᠋ ᠵᠠᠨ ᠬᠡᠯᠡᠪᠡ᠃      ︽ᠡᠨᠡ ᠤᠳᠠᠭᠠᠨ ᠤ ᠪᠠᠶᠢᠷᠢᠯᠠᠭᠤᠯᠤᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠥᠭᠡᠷᠡᠴᠢᠯᠡᠯᠲᠡ ᠶᠢᠨ ᠠᠷᠭ᠎ᠠ ᠵᠠᠮ ᠤᠨ ᠴᠢᠭᠯᠡᠯ ᠨᠢ ᠲᠣᠳᠣᠷᠬᠠᠢ᠂ ᠭᠤᠣᠯᠳᠠᠯᠭ᠎ᠠ ᠨᠢ ᠲᠣᠪᠣᠶᠢᠮ᠎ᠠ ᠪᠣᠯᠬᠤᠷ ᠮᠠᠨ ᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠰᠢᠨ᠎ᠡ ᠬᠠᠭᠤᠴᠢᠨ ᠬᠡᠪ ᠵᠠᠭᠪᠤᠷ  ᠤᠨ ᠰᠢᠯᠵᠢᠨ ᠬᠤᠪᠢᠷᠠᠬᠤ ᠲᠠᠰᠢᠷᠠᠮ ᠳᠤ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠦᠵᠦ ᠵᠢᠷᠤᠭ ᠲᠥᠯᠥᠪᠯᠡᠭᠡ ᠪᠣᠯᠣᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠨᠢ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠬᠤᠷᠠᠭᠤᠯᠵᠤ᠂ ᠠᠷᠠᠳ ᠣᠯᠠᠨ ᠤ ᠰᠢᠨ᠎ᠡ ᠬᠦᠰᠡᠯ ᠬᠥᠭᠡᠭᠡᠴᠡᠯᠳᠦᠯ ᠳᠤ ᠵᠣᠬᠢᠴᠠᠭᠰᠠᠨ ︿ᠰᠠᠶᠢᠨ ᠭᠡᠷ ᠪᠠᠶᠢᠰᠢᠩ﹀ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ︾ ᠭᠡᠵᠦ ᠫᠦ᠋ ᠵᠠᠨ ᠬᠡᠯᠡᠪᠡ᠃      ᠲᠣᠭᠲᠠᠭᠠᠯ ᠳᠤ ᠡᠯ᠎ᠡ ᠬᠤᠲᠠ ᠶᠢᠨ ᠵᠠᠰᠠᠭ ᠤᠨ ᠣᠷᠳᠣᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢᠶᠠᠷ ᠲᠣᠬᠢᠷᠠᠭᠤᠯᠤᠨ ᠡᠵᠡᠮᠳᠡᠵᠦ ᠡᠵᠡᠨ ᠮᠡᠳᠡᠬᠦ ᠡᠷᠬᠡ ᠶᠢ ᠭᠦᠢᠴᠡᠳ ᠣᠯᠭᠤᠵᠤ᠂ ᠬᠤᠯᠪᠣᠭᠳᠠᠯ ᠪᠦᠬᠦᠢ ᠬᠤᠲᠠ ᠶᠢᠨ ᠪᠠᠶᠢᠳᠠᠯ ᠳᠤ ᠪᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠪᠠᠨ ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠤᠯᠲᠠ ᠬᠢᠵᠦ᠂ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠪᠠᠨ ᠬᠦᠴᠦᠨ ᠦᠭᠡᠢ ᠪᠣᠯᠭᠠᠬᠤ ᠶᠢ ᠨᠢ ᠵᠥᠪᠰᠢᠶᠡᠷᠡᠬᠦ ᠶᠢ ᠴᠢᠬᠤᠯᠠᠴᠢᠯᠠᠪᠠ᠃      ᠫᠦ᠋ ᠵᠠᠨ ᠢᠯᠡᠷᠬᠡᠶᠢᠯᠡᠬᠦ ᠳᠤ ᠪᠠᠨ᠂ ᠣᠯᠠᠨ ᠰᠠᠯᠠᠭ᠎ᠠ ᠮᠥᠴᠢᠷ ᠤᠨ ᠬᠢᠨ ᠮᠥᠩᠭᠦᠨ ᠭᠦᠢᠯᠭᠡᠭᠡᠨ᠂ ᠭᠠᠵᠠᠷ ᠰᠢᠷᠣᠢ᠂ ᠲᠠᠸᠠᠷ ᠤᠨ ᠦᠯᠡᠳᠡᠭᠡᠯ ᠣᠷᠣᠨ ᠰᠠᠭᠤᠴᠠ ᠶᠢ ᠬᠤᠳᠠᠯᠳᠤᠨ ᠪᠣᠷᠣᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠭᠠᠷᠭᠠᠵᠤ᠂ ᠡᠯ᠎ᠡ ᠭᠠᠵᠠᠷ ᠤᠨ ᠬᠢᠨ ᠲᠣᠰ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠰᠢᠯᠢᠳᠡᠭᠵᠢᠭᠦᠯᠦᠨ ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠠᠯᠬᠤᠮ ᠠᠯᠬᠤᠮ ᠢᠶᠠᠷ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠢᠳᠡᠪᠬᠢᠵᠢᠯ ᠨᠡᠯᠢᠶᠡᠳ ᠳᠡᠭᠡᠭᠰᠢᠯᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠶᠠᠭ ᠢᠳᠡᠪᠬᠢ ᠬᠤᠪᠢᠷᠠᠯᠲᠠ ᠭᠠᠷᠴᠤ ᠪᠠᠶᠢᠨ᠎ᠠ᠃ ᠲᠣᠭᠲᠠᠭᠠᠯ ᠢ ᠨᠡᠶᠢᠲᠡᠯᠡᠭᠰᠡᠨ ᠤ ᠳᠠᠷᠠᠭ᠎ᠠ ᠭᠡᠷ ᠬᠥᠷᠥᠩᠭᠡ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠥᠷᠭᠡᠳᠬᠡᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠯᠡᠭᠡ ᠶᠢᠨ ᠳᠠᠷᠤᠭᠠᠰᠤ ᠶᠢ ᠬᠥᠩᠭᠡᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠢ ᠡᠷᠴᠢᠯᠡᠨ᠂ ᠲᠣᠬᠢᠷᠠᠭᠤᠯᠭ᠎ᠠ ᠶᠢᠨ ᠬᠤᠭᠤᠴᠠᠭᠠᠨ ᠤ ᠶᠠᠪᠤᠴᠠ ᠶᠢ ᠲᠦᠷᠭᠡᠳᠬᠡᠬᠦ ᠪᠣᠯᠣᠨ᠎ᠠ᠃      ᠲᠣᠭᠲᠠᠭᠠᠯ ᠳᠤ ᠪᠠᠰᠠ ︽ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠵᠦ ᠪᠡᠯᠡ ᠲᠣᠬᠢᠷᠠᠭᠤᠯᠬᠤ ᠠᠷᠭ᠎ᠠ ᠬᠡᠯᠪᠡᠷᠢ ᠪᠠ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠳᠦᠷᠢᠮ︾᠂ ︽ᠭᠡᠷ ᠪᠠᠶᠢᠰᠢᠩ ᠭᠠᠵᠠᠷ ᠬᠥᠷᠥᠩᠭᠡ ᠶᠢᠨ ᠭᠠᠶᠢᠯᠢ ᠲᠠᠲᠠᠪᠤᠷᠢ ᠶᠢ ᠲᠡᠭᠦᠯᠳᠡᠷᠵᠢᠭᠦᠯᠬᠦ ᠳᠦᠷᠢᠮ︾ ᠵᠡᠷᠭᠡ ᠰᠠᠭᠤᠷᠢ ᠪᠣᠯᠬᠤ ᠴᠢᠨᠠᠷᠲᠠᠢ ᠳᠦᠷᠢᠮ ᠤᠨ ᠥᠭᠡᠷᠡᠴᠢᠯᠡᠯᠲᠡ ᠳᠤ ᠱᠠᠭᠠᠷᠳᠠᠯᠭ᠎ᠠ ᠳᠤᠷᠠᠳᠪᠠ᠃      ᠲᠥᠪ ᠤᠨ ᠡᠳ᠋ ᠤᠨ ᠵᠠᠰᠠᠭ ᠤᠨ ᠠᠵᠤ ᠠᠬᠤᠢ ᠶᠢᠨ ᠬᠤᠷᠢᠶᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ᠂ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠬᠠᠨ ᠸᠧᠨ ᠰᠢᠤ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠳᠬᠡᠨ ᠪᠠᠶᠢᠭᠤᠯᠵᠤ᠂ ᠥᠩᠭᠡᠷᠡᠭᠰᠡᠨ ᠤ ︽ᠥᠷᠢ ᠶᠡᠭᠡ᠂ ᠡᠷᠭᠢᠯᠲᠡ ᠲᠦᠷᠭᠡᠨ᠂ ᠬᠥᠰᠢᠭᠦᠷᠭᠡ ᠥᠨᠳᠥᠷ︾ ᠪᠠᠶᠢᠳᠠᠭ ᠬᠡᠪ ᠵᠠᠭᠪᠤᠷ ᠤᠨ ᠬᠡᠮ ᠰᠣᠭᠤᠭ ᠢ ᠠᠷᠢᠯᠭᠠᠵᠤ᠂ ᠠᠷᠠᠳ ᠣᠯᠠᠨ ᠤ ᠰᠢᠨ᠎ᠡ ᠬᠦᠰᠡᠯ ᠬᠥᠭᠡᠭᠡᠴᠡᠯᠳᠦᠯ ᠳᠤ ᠵᠣᠬᠢᠴᠠᠭᠰᠠᠨ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠵᠤ᠂ ᠵᠠᠪᠠᠯ ᠬᠡᠷᠡᠭᠰᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠬᠠᠮᠲᠤ ᠲᠡᠭᠦᠨ ᠯᠦᠭᠡ ᠵᠣᠬᠢᠴᠠᠭᠰᠠᠨ ᠪᠡᠯᠡ ᠲᠣᠬᠢᠷᠠᠭᠤᠯᠭ᠎ᠠ᠂ ᠡᠳ᠋ ᠤᠨ ᠵᠠᠰᠠᠭ ᠭᠠᠶᠢᠯᠢ᠂ ᠭᠠᠵᠠᠷ ᠰᠢᠷᠣᠢ᠂ ᠪᠣᠷᠤᠯᠠᠭᠤᠯᠭ᠎ᠠ ᠵᠡᠷᠭᠡ ᠰᠠᠭᠤᠷᠢ ᠪᠣᠯᠬᠤ ᠴᠢᠨᠠᠷᠲᠠᠢ ᠳᠦᠷᠢᠮ ᠢ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号