ᠬᠤᠭᠤᠯᠠ ᠬᠢᠬᠦ ᠶᠢᠨ 3 ᠮᠠᠭᠤ ᠳᠠᠳᠬᠠᠯ ᠨᠢ ᠭᠡᠷ ᠪᠦᠯᠢ ᠶᠢᠨ ᠬᠢᠨ ᠢ ᠥᠮᠡᠨ ᠣᠯᠣᠭᠤᠯᠵᠤ ᠮᠠᠭᠠᠳ ᠦᠭᠡᠢ︕
ᠨᠡᠶᠢᠲᠡᠯᠡᠭᠰᠡᠨ ᠴᠠᠭ᠄
2024/7/24
     1. ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠦᠭᠡᠢ ᠪᠤᠶᠤ ᠡᠷᠲᠡ ᠬᠠᠭᠠᠬᠤ               ᠲᠣᠰᠣᠨ ᠤᠲᠤᠭ᠎ᠠ ᠲᠠᠢ ᠣᠷᠴᠢᠨ ᠲᠣᠭᠤᠷᠢᠨ ᠳᠤ ᠤᠷᠲᠤ ᠬᠤᠭᠤᠴᠠᠭ᠎ᠠ ᠪᠠᠷ ᠪᠠᠶᠢᠪᠠᠯ ᠬᠤᠭᠤᠯᠠᠢ ᠶᠢᠨ ᠦᠷᠪᠢᠰᠦᠯ᠂ ᠬᠠᠮᠠᠷ ᠤᠨ ᠦᠷᠪᠢᠰᠦᠯ᠂ ᠮᠥᠭᠡᠷᠰᠦᠨ ᠬᠤᠭᠤᠯᠠᠢ ᠶᠢᠨ ᠦᠷᠪᠢᠰᠦᠯ ᠵᠡᠷᠭᠡ ᠡᠪᠡᠳᠴᠢᠨ ᠢ ᠣᠯᠵᠤ ᠮᠡᠳᠡᠨ᠎ᠡ᠂ ᠴᠢᠨᠠᠭᠰᠢᠯᠠᠪᠠᠯ ᠠᠭᠤᠰᠬᠢᠨ ᠥᠮᠡᠨ ᠢ ᠴᠤ ᠣᠯᠵᠤ ᠮᠡᠳᠡᠨ᠎ᠡ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠄ ᠬᠠᠭᠤᠷᠴᠤ ᠬᠠᠭᠠᠷᠢᠬᠤ ᠠᠴᠠ 20 ᠰᠧᠺᠦ᠋ᠨ᠋ᠳ᠋ ᠤᠨ ᠡᠮᠦᠨ᠎ᠡ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠪᠡᠯ ᠲᠣᠰᠣᠨ ᠣᠲᠤᠭ᠎ᠠ ᠶᠢᠨ ᠲᠠᠷᠬᠠᠯᠲᠠ ᠶᠢ ᠨᠠᠩ ᠰᠠᠶᠢᠨ ᠡᠵᠡᠮᠳᠡᠵᠦ᠂ ᠲᠣᠰᠣᠨ ᠣᠲᠤᠭ᠎ᠠ ᠲᠠᠷᠬᠠᠬᠤ ᠶᠢ ᠨᠠᠩ ᠰᠠᠶᠢᠨ ᠰᠡᠷᠭᠡᠶᠢᠯᠡᠵᠦ ᠴᠢᠳᠠᠨ᠎ᠠ᠂ ᠬᠠᠭᠤᠷᠴᠤ ᠬᠠᠭᠠᠷᠢᠬᠤ ᠶᠠᠪᠤᠴᠠ ᠳᠤ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠶᠢ ᠪᠠᠲᠤᠯᠠᠬᠤ ᠬᠡᠷᠡᠭᠲᠡᠢ ᠪᠥᠭᠡᠳ ᠬᠠᠭᠤᠷᠴᠤ ᠬᠠᠭᠠᠷᠢᠵᠤ ᠪᠠᠷᠠᠭᠰᠠᠨ ᠤ ᠳᠠᠷᠠᠭ᠎ᠠ ᠴᠤ ᠲᠣᠰᠣᠨ ᠣᠲᠤᠭ᠎ᠠ ᠶᠢᠨ ᠮᠠᠰᠢᠨ ᠢᠶᠠᠨ ᠦᠷᠭᠦᠯᠵᠢᠯᠡᠨ 3 ᠮᠢᠨᠦ᠋ᠲ ᠠᠵᠢᠯᠯᠠᠭᠤᠯᠬᠤ ᠬᠡᠷᠡᠭᠲᠡᠢ᠂ ᠨᠣᠭᠤᠭ᠎ᠠ ᠪᠠᠨ ᠬᠠᠭᠤᠷᠴᠤ ᠪᠠᠷᠠᠮᠠᠭᠴᠠ ᠰᠢᠭᠤᠳ ᠬᠠᠭᠠᠬᠤ ᠬᠡᠷᠡᠭ ᠦᠭᠡᠢ᠃ ᠡᠭᠦᠨ ᠠᠴᠠ ᠭᠠᠳᠠᠨ᠎ᠠ᠂ ᠳᠣᠣᠷ᠎ᠠ ᠬᠠᠯᠠᠭᠤᠨ ᠢᠶᠠᠷ ᠬᠤᠭᠤᠯᠠ ᠬᠢᠪᠡᠯ ᠲᠣᠰᠣᠨ ᠣᠲᠤᠭ᠎ᠠ ᠭᠠᠷᠬᠤ ᠨᠢ ᠨᠠᠩ ᠪᠠᠭ᠎ᠠ ᠪᠣᠯᠣᠨ᠎ᠠ᠃              2. ᠲᠣᠭᠤᠭ᠎ᠠ ᠪᠠᠨ ᠱᠤᠸᠠᠵᠠᠳᠠᠬᠤ ᠦᠭᠡᠢ ᠪᠠᠷ ᠦᠷᠭᠦᠯᠵᠢᠯᠡᠨ ᠨᠣᠭᠤᠭ᠎ᠠ ᠬᠠᠭᠤᠷᠬᠤ              ᠨᠣᠭᠤᠭ᠎ᠠ ᠬᠠᠭᠤᠷᠴᠤ ᠪᠠᠷᠠᠭᠰᠠᠨ ᠤ ᠳᠠᠷᠠᠭ᠎ᠠ᠂ ᠲᠣᠭᠤᠭᠠᠨ ᠳᠡᠭᠡᠷ᠎ᠡ ᠴᠢᠨᠢ ᠨᠣᠭᠤᠭ᠎ᠠ ᠬᠠᠭᠤᠷᠤᠭᠰᠠᠨ ᠮᠠᠰᠢ ᠣᠯᠠᠨ ᠦᠯᠡᠳᠡᠭᠳᠡᠯ ᠪᠠ ᠦᠯᠡᠳᠡᠭᠰᠡᠨ ᠲᠣᠰᠣ ᠨᠠᠭᠠᠯᠳᠤᠵᠤ ᠪᠠᠶᠢᠳᠠᠭ᠂ ᠬᠡᠷᠪᠡ ᠦᠷᠭᠦᠯᠵᠢᠯᠡᠨ ᠥᠭᠡᠷ᠎ᠡ ᠨᠣᠭᠤᠭ᠎ᠠ ᠬᠠᠭᠤᠷᠪᠠᠯ᠂ ᠡᠮᠦᠨᠡᠬᠢ ᠬᠠᠭᠤᠷᠤᠭᠰᠠᠨ ᠨᠣᠭᠤᠭ᠎ᠠ ᠶᠢᠨ ᠦᠯᠡᠳᠡᠭᠳᠡᠯ ᠳᠠᠷᠤᠢ ᠬᠡᠦᠷᠰᠢᠨ᠎ᠡ᠂ ᠡᠭᠦᠨ ᠤ ᠤᠯᠠᠮ ᠢᠶᠠᠷ ᠥᠮᠡᠨ ᠣᠯᠣᠭᠤᠯᠬᠤ ᠪᠣᠳᠠᠰ ᠡᠭᠦᠰᠴᠦ᠂ ᠦᠯᠡᠳᠡᠭᠰᠡᠨ ᠲᠣᠰᠣ ᠶᠢ ᠨᠢ ᠴᠦ ᠬᠤᠶᠠᠳᠠᠭᠢ ᠤᠳᠠᠭ᠎ᠠ ᠬᠠᠯᠠᠭᠰᠠᠨ ᠠᠴᠠ ᠪᠣᠯᠵᠤ ᠬᠤᠣᠷᠲᠠᠢ ᠪᠦᠷᠢᠯᠳᠦᠭᠦᠨ ᠡᠭᠦᠰᠳᠡᠭ᠃              3. ᠨᠣᠭᠤᠭ᠎ᠠ ᠬᠢᠬᠦ ᠳᠡᠭᠡᠨ ᠳᠠᠪᠤᠰᠤ ᠢᠯᠡᠭᠦᠦ ᠬᠢᠬᠦ              ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ︾ ᠲᠤ᠂ ᠨᠢᠭᠡ ᠬᠥᠮᠥᠨ ᠤ ᠡᠳᠦᠷ ᠪᠦᠷᠢ ᠶᠢᠨ ᠳᠠᠪᠤᠰᠤ ᠢᠳᠡᠬᠦ ᠬᠡᠮᠵᠢᠶ᠎ᠡ ᠶᠢ 5 ᠭᠷᠡᠮ ᠠᠴᠠ ᠬᠡᠲᠦᠷᠡᠭᠦᠯᠵᠦ ᠪᠤᠯᠬᠤ ᠦᠭᠡᠢ᠂ ᠳᠠᠪᠤᠰᠤ ᠳᠡᠩᠳᠡᠭᠦᠦ ᠠᠷᠪᠢᠨ ᠢᠳᠡᠪᠡᠯ ᠴᠢᠰᠤᠨ ᠳᠠᠷᠤᠯᠲᠠ ᠥᠨᠳᠥᠷᠵᠢᠬᠦ ᠡᠪᠡᠳᠴᠢᠨ ᠣᠯᠬᠤ ᠪᠠᠷ ᠪᠠᠷᠠᠬᠤ ᠦᠭᠡᠢ᠂ ᠪᠠᠰᠠ ᠶᠠᠰᠤᠨ ᠤ ᠡᠳ᠋ ᠰᠡᠶᠢᠷᠡᠭᠵᠢᠬᠦ᠂ ᠬᠤᠳᠣᠭᠤᠳᠤᠨ ᠦᠷᠪᠢᠰᠦᠯ ᠳᠤ ᠨᠡᠷᠪᠡᠭᠳᠡᠬᠦ᠂ ᠴᠢᠨᠠᠭᠰᠢᠯᠠᠪᠠᠯ ᠬᠤᠳᠣᠭᠤᠳᠤᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠭᠡᠵᠦ ᠰᠠᠨᠠᠭᠤᠯᠵᠠᠢ᠃ ᠤᠴᠢᠷ ᠨᠢ ᠳᠠᠪᠤᠰᠤ ᠬᠡᠲᠦᠷᠬᠡᠢ ᠶᠡᠭᠡ ᠢᠳᠡᠪᠡᠯ ᠬᠤᠳᠣᠭᠤᠳᠤᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠤᠨ ᠤ ᠬᠠᠨ᠎ᠠ ᠶᠢᠨ ᠡᠰ ᠢ ᠤᠨᠠᠭᠠᠵᠤ ᠮᠡᠳᠡᠨ᠎ᠡ᠂ ᠬᠠᠨ᠎ᠠ ᠶᠢᠨ ᠡᠰ ᠪᠣᠯ ᠬᠤᠳᠣᠭᠤᠳᠤᠨ ᠤ ᠡᠷᠡᠭᠦᠯ ᠮᠡᠨᠳᠦ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠤᠨ ᠦᠷᠪᠢᠰᠦᠯ ᠤᠨ ᠲᠦᠭᠰᠢᠭᠦᠷᠢ ᠶᠢ ᠨᠡᠮᠡᠭᠳᠡᠭᠦᠯᠵᠦ᠂ ᠡᠴᠦᠰ ᠲᠡᠭᠡᠨ ᠬᠤᠳᠣᠭᠤᠳᠤᠨ ᠥᠮᠡᠨ ᠢ ᠡᠭᠦᠰᠬᠡᠳᠡᠭ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号