ᠵᠢᠷ ᠤᠨ ᠭᠤᠤᠯ ᠪᠠᠯᠭᠠᠰᠤ ︽ᠨᠠᠮ ᠤᠨ ᠠᠴᠢ ᠳᠤ ᠲᠠᠯᠠᠷᠬᠠᠨ ᠨᠠᠮ ᠢᠶᠠᠨ ᠲᠠᠭᠠᠨ ᠡᠷᠡᠯᠭᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠦᠨᠳᠦᠰᠦᠳᠡᠨ ᠤ ᠪᠦᠯᠬᠦᠮᠳᠡᠯ ᠢ ᠪᠠᠳᠤᠳᠬᠠᠶ᠎ᠠ︾ ᠭᠡᠬᠦ ᠮᠠᠯᠴᠢᠳ ᠪᠠ ᠠᠵᠤ ᠠᠬᠤᠶᠢᠯᠠᠯ ᠤᠨ ᠬᠠᠮᠲᠤᠪᠠᠷ ᠴᠤᠭᠴᠠᠯᠠᠨ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/24
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠤᠳᠤᠨᠤᠰᠤᠭ ᠬᠠᠷᠢᠴᠠᠭ᠎ᠠ᠂ ᠮᠠᠯᠴᠢᠳ ᠪᠠ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠠᠷᠢᠴᠠᠭ᠎ᠠ ᠶᠢᠨ ᠪᠠᠶᠢᠭᠤᠯᠤᠯᠲᠠ ᠶᠢ  ᠠᠬᠢᠭᠤᠯᠬᠤ ᠶᠢᠨ ᠲᠥᠯᠥᠭᠡ᠂ 7 ᠰᠠᠷ᠎ᠠ ᠶᠢᠨ 22 ᠤ ᠡᠳᠦᠷ᠂ ᠵᠢᠷ ᠤᠨ ᠭᠤᠤᠯ ᠪᠠᠯᠭᠠᠰᠤ ︽ᠨᠠᠮ ᠤᠨ ᠠᠴᠢ ᠳᠤ ᠲᠠᠯᠠᠷᠬᠠᠨ ᠨᠠᠮ ᠢᠶᠠᠨ ᠲᠠᠭᠠᠨ ᠡᠷᠡᠯᠭᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠦᠨᠳᠦᠰᠦᠳᠡᠨ ᠤ ᠪᠦᠯᠬᠦᠮᠳᠡᠯ ᠢ ᠪᠠᠳᠤᠳᠬᠠᠶ᠎ᠠ︾ ᠭᠡᠬᠦ ᠮᠠᠯᠴᠢᠳ ᠪᠠ ᠠᠵᠤ ᠠᠬᠤᠶᠢᠯᠠᠯ ᠤᠨ ᠬᠠᠮᠲᠤᠪᠠᠷ ᠴᠤᠭᠴᠠᠯᠠᠨ ᠪᠠᠶᠢᠭᠤᠯᠬᠤ ᠠᠵᠢᠯᠯᠠᠭ᠎ᠠ ᠥᠷᠨᠢᠭᠦᠯᠵᠡᠢ᠃ ᠲᠤᠰ ᠤᠳᠠᠭᠠᠨ ᠤ ᠠᠵᠢᠯᠯᠠᠭ᠎ᠠ ᠶᠢ ᠵᠢᠷ ᠤᠨ ᠭᠤᠤᠯ ᠪᠠᠯᠭᠠᠰᠤᠨ ᠤ ᠨᠠᠮ ᠤᠨ ᠬᠤᠷᠢᠶ᠎ᠠ ᠠᠴᠠ ᠭᠤᠣᠯᠯᠠᠨ ᠡᠷᠬᠢᠯᠡᠵᠦ᠂ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠣᠯ︶ ᠤ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ᠂ ᠠᠵᠤ ᠠᠬᠤᠶᠢᠯᠠᠯ ᠤᠨ ᠲᠥᠯᠥᠭᠡᠯᠡᠭᠴᠢ᠂ ᠭᠡᠷ ᠤᠨ ᠠᠬᠠᠮᠠᠳ ᠪᠣᠯᠣᠨ ᠬᠡᠦᠬᠡᠳ ᠨᠡᠶᠢᠲᠡ 60 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃     ᠠᠵᠢᠯᠯᠠᠭ᠎ᠠ ᠳᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠤᠯᠭ᠎ᠠ ᠠᠴᠠ ᠵᠢᠷ ᠤᠨ ᠭᠤᠤᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠵᠦ᠂ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠣᠯ︶ ᠤ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠠᠴᠠ ᠲᠤᠰ ᠤᠳᠠᠭᠠᠨ ᠤ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠭᠰᠡᠨ ᠳᠤ ᠴᠢᠩ ᠰᠡᠳᠬᠢᠯ ᠤᠨ ᠲᠠᠯᠠᠷᠬᠠᠯ ᠪᠠᠨ ᠢᠯᠡᠷᠬᠡᠶᠢᠯᠡᠬᠦ ᠶᠢᠨ ᠬᠠᠮᠲᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠭᠡᠷ ᠤᠨ ᠠᠬᠠᠮᠠᠳ ᠪᠣᠯᠣᠨ ᠬᠡᠦᠬᠡᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠵᠦ᠂ ᠮᠠᠯ ᠠᠵᠤ ᠠᠬᠤᠢ ᠪᠠ ᠠᠵᠤ ᠠᠬᠤᠶᠢᠯᠠᠯ ᠤᠨ ᠬᠠᠮᠳᠤ ᠶᠢᠨ ᠪᠠᠶᠢᠭᠤᠯᠤᠯᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠠᠵᠢᠯ ᠳᠤ ᠬᠦᠰᠡᠯ ᠱᠠᠭᠠᠷᠳᠠᠯᠭ᠎ᠠ ᠪᠠᠨ ᠳᠤᠷᠠᠳᠴᠠᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠮᠠᠯ ᠠᠵᠤ ᠠᠬᠤᠢ᠂ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠥᠭᠵᠢᠯᠲᠡ ᠵᠡᠷᠭᠡ ᠠᠵᠢᠯ ᠤᠨ ᠲᠣᠭᠤᠷᠢᠨ ᠳᠤ ᠨᠠᠷᠢᠨ ᠲᠠᠨᠢᠯᠴᠠᠭᠤᠯᠭ᠎ᠠ ᠬᠢᠪᠡ᠃     ᠳᠠᠷᠠᠭ᠎ᠠ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠳᠠᠭᠠᠭᠤᠯᠭ᠎ᠠ ᠳᠣᠣᠷ᠎ᠠ᠂ ᠠᠵᠢᠯᠯᠠᠭ᠎ᠠ ᠳᠤ ᠣᠷᠣᠯᠴᠠᠭᠰᠠᠳ ᠠᠵᠤ ᠠᠬᠤᠶᠢᠯᠠᠯ ᠤᠨ ᠠᠵᠢᠯᠯᠠᠬᠤ ᠭᠠᠵᠠᠷ᠂ ᠲᠣᠬᠢᠷᠠᠭᠤᠯᠬᠤ ᠲᠠᠰᠤᠭ ᠵᠡᠷᠭᠡ ᠶᠢ ᠲᠣᠭᠤᠷᠢᠨ ᠦᠵᠡᠬᠦ ᠶᠢᠨ ᠳᠠᠭᠠᠤ ᠲᠠᠶᠢᠯᠤᠮᠵᠢ ᠶᠢ ᠰᠣᠨᠣᠰᠴᠤ᠂ ᠭᠠᠵᠠᠷ ᠤᠷᠤᠨ ᠤ ᠠᠵᠤ ᠠᠬᠤᠶᠢᠯᠠᠯ ᠤᠨ ᠲᠤᠬᠠᠢ ᠪᠤᠰᠤᠳᠴᠢ ᠪᠥᠭᠡᠳ ᠰᠢᠭᠤᠳ ᠣᠶᠢᠯᠠᠭᠠᠯᠲᠠ ᠲᠠᠢ ᠪᠤᠯᠵᠤ᠂ ᠲᠤᠭᠤᠷᠢᠨ ᠦᠵᠡᠭᠰᠡᠨ ᠲᠦᠷᠦᠭᠳᠡᠯ᠂ ᠪᠤᠳᠤᠯ ᠰᠡᠳᠬᠢᠭᠳᠡᠯ ᠢᠶᠠᠨ ᠴᠢᠯᠦᠭᠡᠳᠠᠢ ᠬᠤᠪᠢᠶᠠᠯᠴᠠᠵᠤ᠂ ᠣᠳᠣᠬᠢᠴᠢᠯᠠᠭᠰᠠᠨ ᠠᠵᠤ ᠠᠬᠤᠶᠢᠯᠠᠯ ᠤᠨ ᠬᠥᠭᠵᠢᠯᠲᠡ ᠪᠣᠯᠣᠨ ᠬᠤᠪᠢᠷᠠᠯᠲᠠ ᠶᠢ ᠬᠦᠠᠵᠡᠭᠡᠢ ᠤᠶᠢᠯᠠᠭᠠᠨ ᠲᠠᠨᠢᠭᠰᠠᠨ ᠪᠠᠶᠢᠨ᠎ᠠ᠃    ᠠᠵᠢᠯᠯᠠᠭ᠎ᠠ ᠳᠤ ᠪᠠᠰᠠ ᠭᠡᠷ ᠪᠦᠯᠢ ᠶᠢᠨ ᠺᠢᠨᠣ᠋ ᠦᠵᠡᠬᠦ ᠠᠵᠢᠯᠯᠠᠭ᠎ᠠ ᠥᠷᠨᠢᠭᠦᠯᠦᠨ᠂ ᠠᠵᠤ ᠠᠬᠤᠶᠢᠯᠠᠯ ᠤᠨ ᠤᠯᠠᠨ ᠴᠢᠳᠠᠮᠵᠢᠲᠤ ᠲᠠᠩᠬᠢᠮ ᠳᠤ ᠭᠡᠷ ᠤᠨ ᠠᠬᠠᠮᠠᠳ ᠪᠣᠯᠣᠨ ᠬᠡᠦᠬᠡᠳ ᠤᠳ ᠬᠠᠮᠲᠤᠪᠠᠷ ᠺᠠᠷᠲ᠋ᠣᠨ ᠺᠢᠨᠣ᠋ ᠰᠣᠨᠢᠷᠬᠠᠵᠤ ᠂ ᠡᠭᠦᠪᠡᠷ ᠳᠠᠮᠵᠢᠭᠤᠯᠤᠨ ᠪᠠᠭᠠᠴᠤᠳ ᠬᠡᠦᠬᠡᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠭᠡᠷ ᠤᠨ ᠰᠤᠷᠲᠠᠯ ᠰᠤᠷᠭᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠪᠠᠭᠠᠴᠤᠳ ᠬᠡᠦᠬᠡᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠣᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠲᠡᠭᠡᠭᠰᠢᠯᠡᠬᠦᠯᠵᠦ ᠴᠢᠳᠠᠭᠰᠠᠨ ᠪᠠᠶᠢᠨ᠎ᠠ᠃ ᠺᠢᠨᠣ᠋ ᠰᠣᠨᠢᠷᠬᠠᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠢᠯᠯᠠᠭ᠎ᠠ ᠳᠤ ᠣᠷᠣᠯᠴᠠᠭᠰᠠᠨ ᠪᠠᠭᠠᠴᠤᠳ ᠬᠡᠦᠬᠡᠳ ᠲᠤ ᠪᠢᠴᠢᠭ ᠤᠨ ᠪᠣᠭᠴᠣ ᠬᠦᠷᠭᠡᠵᠦ᠂ ᠪᠠᠶᠠᠷ ᠬᠥᠷ ᠲᠠᠢ ᠠᠮᠠᠷᠠᠯᠲᠠ ᠶᠢᠨ ᠨᠢᠭᠡᠨ ᠡᠳᠦᠷ ᠢ ᠲᠡᠮᠳᠡᠭᠯᠡᠵᠦ ᠥᠭᠭᠦᠭᠰᠡᠨ ᠪᠠᠶᠢᠨ᠎ᠠ᠃     ᠲᠤᠰ ᠤᠳᠠᠭᠠᠨ ᠤ ᠬᠠᠮᠲᠤ ᠪᠠᠷ ᠴᠤᠭᠴᠠᠯᠠᠨ ᠪᠠᠶᠢᠭᠤᠯᠬᠤ ᠠᠵᠢᠯᠯᠠᠭ᠎ᠠ ᠪᠠᠷ ᠲᠠᠮᠵᠢᠭᠤᠯᠤᠨ᠂ ᠮᠠᠯᠴᠢᠳ ᠪᠣᠯᠣᠨ ᠠᠵᠤ ᠠᠬᠤᠶᠢᠯᠠᠯ ᠤᠨ ᠬᠠᠷᠢᠯᠴᠠᠨ ᠬᠠᠮᠳᠤᠷᠠᠨ ᠬᠠᠷᠢᠯᠴᠠᠨ ᠬᠠᠪᠰᠤᠷᠤᠯᠴᠠᠬᠤ᠂ ᠭᠠᠷ ᠬᠤᠯᠪᠣᠨ ᠤᠷᠤᠭᠰᠢᠯᠠᠬᠤ ᠰᠡᠳᠬᠢᠯᠭᠡ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠴᠣᠭᠴᠠᠯᠠᠨ ᠪᠠᠶᠢᠭᠤᠯᠬᠤ ᠰᠡᠳᠬᠢᠯᠭᠡ ᠶᠢ ᠨᠡᠮᠡᠭᠳᠡᠭᠦᠯᠵᠦ᠂ ︽ᠨᠠᠮ ᠤᠨ ᠠᠴᠢ ᠳᠤ ᠲᠠᠯᠠᠷᠬᠠᠨ ᠨᠠᠮ ᠢᠶᠠᠨ ᠲᠠᠭᠠᠨ ᠡᠷᠡᠯᠭᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠦᠨᠳᠦᠰᠦᠳᠡᠨ ᠤ ᠪᠦᠯᠬᠦᠮᠳᠡᠯ ᠢ ᠪᠠᠳᠤᠳᠬᠠᠬᠤ︾ ᠳᠤ ᠬᠦᠴᠦᠨ ᠨᠡᠮᠡᠷᠢᠯᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号