ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠳᠦ ᠬᠠᠭᠠᠰ ᠵᠢᠯ ᠳᠤ᠂ ᠥᠪᠥᠷ ᠮᠣᠩᠭᠤᠯ ᠤᠨ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠠᠷᠠᠳ ᠤᠨ | ᠵᠣᠭᠤᠰ ᠢᠶᠠᠷ 997.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠪᠠᠷ | ᠨᠡᠮᠡᠭᠳᠡᠵᠦ᠂ ᠪᠦᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 4.7 ᠵᠠᠭᠤᠨ ᠤ ᠴᠡᠭ ᠢᠶᠠᠷ ᠥᠨᠳᠥᠷ ᠪᠣᠯᠵᠠᠢ᠃ ᠡᠭᠦᠨ ᠳᠤ᠂ | ᠭᠠᠳᠠᠭᠠᠳᠤ ᠳᠤ ᠭᠠᠷᠭᠠᠭᠰᠠᠨ ᠦᠷᠲᠡᠭ ᠨᠢ 381.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 10.3% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠨᠢ 616.7 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ᠃ | ᠣᠶᠢᠯᠠᠭᠠᠭᠰᠠᠨ ᠢᠶᠠᠷ᠂ ᠭᠠᠳᠠᠭᠠᠳᠤ ᠳᠤ ᠭᠠᠷᠭᠠᠬᠤ ᠲᠠᠯ᠎ᠠ ᠪᠠᠷ᠂ ᠮᠠᠰᠢᠨ ᠴᠠᠬᠢᠯᠭᠠᠨ ᠤ ᠦᠢᠯᠡᠳᠬᠦᠨ ᠨᠢ ᠥᠪᠥᠷ | ᠮᠣᠩᠭᠤᠯ ᠤᠨ ᠭᠠᠳᠠᠭᠠᠳᠤ ᠳᠤ ᠭᠠᠷᠭᠠᠭᠰᠠᠨ ᠨᠢᠭᠡᠳᠦᠭᠡᠷ ᠲᠣᠮᠣ ᠲᠠᠸᠠᠷ ᠪᠣᠯᠣᠨ᠎ᠠ᠃ ᠳᠡᠭᠡᠳᠦ ᠬᠠᠭᠠᠰ ᠵᠢᠯ ᠳᠤ᠂ ᠥᠪᠡᠷᠲᠡᠭᠡᠨ | ᠵᠠᠰᠠᠬᠤ ᠣᠷᠣᠨ ᠤ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠦᠷᠲᠡᠭ ᠨᠢ 128 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠪᠥᠬᠦ ᠣᠷᠣᠨ ᠤ ᠭᠠᠳᠠᠭᠠᠳᠤ ᠳᠤ | ᠭᠠᠷᠭᠠᠭᠰᠠᠨ ᠥᠷᠲᠡᠭ ᠤᠨ 33.6% ᠶᠢ ᠡᠵᠡᠯᠡᠪᠡ᠃ ︽ᠭᠤᠷᠪᠠᠨ ᠰᠢᠨ᠎ᠡ ᠲᠦᠷᠦᠯ︾ ︵ᠴᠠᠬᠢᠯᠭᠠᠨ ᠬᠥᠳᠡᠯᠭᠡᠭᠦᠷᠲᠦ ᠬᠥᠮᠥᠨ | ᠠᠴᠢᠶᠠᠯᠠᠭᠰᠠᠨ ᠮᠠᠰᠢᠨ ᠲᠡᠷᠭᠡ᠂ ᠯᠢᠲ᠋ᠢ ᠢᠶᠤᠨ ᠤ ᠴᠠᠬᠢᠯᠭᠠᠨ ᠬᠤᠷᠢᠶᠠᠭᠤᠷ᠂ ᠨᠡᠷᠡᠨ ᠡᠨᠧᠷᠭᠢ ᠶᠢᠨ ᠴᠡᠨᠡᠭ︶ ᠤᠨ | ᠦᠢᠯᠡᠳᠬᠦᠨ ᠤ ᠭᠠᠳᠠᠭᠠᠳᠤ ᠳᠤ ᠭᠠᠷᠭᠠᠬᠤ ᠶᠢ ᠲᠦᠷᠦᠭᠦᠯᠡᠨ ᠪᠡᠶᠡᠯᠡᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠬᠦ | ᠡᠨᠧᠷᠭᠢ ᠶᠢ ᠦᠷᠭᠦᠯᠵᠢᠯᠡᠨ ᠬᠥᠭᠵᠢᠭᠡᠪᠡ᠃ ᠳᠡᠭᠡᠳᠦ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠰᠢᠨ᠎ᠡ | ᠲᠦᠷᠦᠯ︾ ᠤᠨ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠦᠷᠲᠡᠭ ᠨᠢ 18.9 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 75.7% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠳᠤ ᠭᠠᠷᠭᠠᠭᠰᠠᠨ | ᠥᠷᠲᠡᠭ ᠤᠨ 5% ᠶᠢ ᠡᠵᠡᠯᠡᠪᠡ᠃ ᠭᠠᠳᠠᠭᠠᠳᠤ ᠠᠴᠠ ᠣᠷᠣᠭᠤᠯᠬᠤ ᠲᠠᠯ᠎ᠠ ᠪᠠᠷ᠂ ᠳᠡᠭᠡᠳᠦ ᠬᠠᠭᠠᠰ ᠵᠢᠯ ᠳᠤ ᠥᠪᠡᠷᠲᠡᠭᠡᠨ | ᠵᠠᠰᠠᠬᠤ ᠣᠷᠣᠨ ᠤ ᠥᠷᠭᠡᠨ ᠬᠡᠷᠡᠭᠴᠡᠭᠡᠨ ᠤ ᠲᠠᠸᠠᠷ ᠤᠨ ᠭᠠᠳᠠᠭᠠᠳᠤ ᠠᠴᠠ ᠣᠷᠣᠭᠤᠯᠤᠭᠰᠠᠨ ᠥᠷᠲᠡᠭ ᠤᠨ 487.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠨ᠂ ᠪᠥᠬᠦ ᠣᠷᠣᠨ ᠤ | ᠭᠠᠳᠠᠭᠠᠳᠤ ᠠᠴᠠ ᠣᠷᠣᠭᠤᠯᠤᠭᠰᠠᠨ ᠥᠷᠲᠡᠭ ᠤᠨ 79.1% ᠶᠢ ᠡᠵᠡᠯᠡᠪᠡ᠃ | ᠡᠵᠡᠩᠨᠡᠯᠲᠡ ᠶᠢᠨ ᠭᠤᠣᠯ ᠴᠣᠭᠴᠠ ᠶᠢᠨ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠪᠠ᠃ ᠳᠡᠭᠡᠳᠦ | ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ 773.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.4% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ 77.5% ᠶᠢ ᠡᠵᠡᠯᠡᠵᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 1.8 ᠵᠠᠭᠤᠨ ᠤ ᠴᠡᠭ ᠢᠶᠠᠷ ᠳᠡᠭᠡᠭᠰᠢᠯᠡᠵᠡᠢ᠃ | ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠥᠷ ᠮᠣᠩᠭᠤᠯ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠤᠯᠤᠰ ᠤᠳ ᠤᠨ ᠬᠤᠭᠤᠷᠣᠨᠳᠣᠬᠢ ᠠᠷᠠᠯᠵᠢᠶᠠᠨ ᠤ ᠶᠠᠪᠤᠯᠴᠠᠭ᠎ᠠ ᠤᠯᠠᠮ ᠠᠴᠠ ᠤᠯᠠᠮ ᠨᠢᠭᠲᠠ | ᠪᠣᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ ᠤᠯᠠᠮ ᠠᠴᠠ ᠤᠯᠠᠮ ᠨᠢᠭᠲᠠᠷᠠᠵᠤ᠂ | ︽ᠨᠠᠶᠢᠵᠠ ᠶᠢᠨ ᠲᠣᠭᠤᠷᠢᠭ︾ ᠲᠠᠰᠤᠷᠠᠯᠳᠡ ᠦᠭᠡᠢ ᠥᠷᠭᠡᠵᠢᠪᠡ᠃ ᠳᠡᠭᠡᠳᠦ ᠬᠠᠭᠠᠰ ᠵᠢᠯ ᠳᠤ᠂ ᠥᠪᠡᠷᠲᠡᠭᠡᠨ ᠵᠠᠰᠠᠬᠤ | ᠣᠷᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠲᠠᠬᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ 803.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.1% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ 80.5% ᠶᠢ ᠡᠵᠡᠯᠡᠪᠡ᠃ | ᠬᠥᠬᠡᠬᠤᠲᠠ ᠪᠣᠭᠤᠮᠲᠠ ᠶᠢᠨ ᠵᠠᠳᠠᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠥᠷ ᠮᠣᠩᠭᠤᠯ ᠰᠢᠨ᠎ᠡ ᠪᠠᠷ ᠪᠤᠢ | ᠪᠣᠯᠤᠭᠰᠠᠨ ᠵᠠᠬ᠎ᠠ ᠳᠡᠯᠭᠡᠭᠦᠷ ᠢ ᠶᠡᠭᠡ ᠪᠠᠷ ᠨᠡᠭᠡᠭᠡᠨ ᠥᠷᠭᠡᠳᠬᠡᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠲᠠᠪᠴᠠᠩ ᠢ | ᠪᠠᠶᠢᠭᠤᠯᠤᠨ᠂ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ | ᠬᠥᠳᠡᠯᠭᠡᠬᠦ ᠡᠨᠧᠷᠭᠢ ᠶᠢ ᠲᠠᠰᠤᠷᠠᠯᠲᠠ ᠦᠭᠡᠢ ᠬᠤᠷᠠᠮᠳᠤᠭᠤᠯᠤᠨ᠂ ᠳᠡᠭᠡᠳᠦ ᠬᠠᠭᠠᠰ ᠵᠢᠯ ᠳᠤ ᠪᠥᠬᠦ ᠣᠷᠣᠨ ᠤ ᠭᠠᠳᠠᠭᠠᠳᠤ | ᠠᠷᠠᠯᠵᠢᠶ᠎ᠠ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠲᠠᠢ ᠪᠣᠯᠵᠤ᠂ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠦᠷᠢᠶ᠎ᠡ ᠴᠠᠷᠠᠭ᠎ᠠ ᠳᠤ ᠴᠥᠮ ᠲᠣᠭᠲᠠᠭᠤᠨ ᠤ ᠳᠤᠮᠳᠠ ᠠᠬᠢᠯᠲᠠ ᠲᠠᠢ | ᠪᠣᠯᠤᠭᠰᠠᠨ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠳᠠᠭᠠᠯᠳᠤᠨ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠦᠯᠳᠦᠭᠡᠨ ᠤ ᠳᠠᠪᠠᠭᠤᠯᠢᠭ ᠤᠯᠠᠮ | ᠪᠠᠬᠢᠵᠢᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠰᠢᠨ᠎ᠡ ᠪᠠᠷ ᠪᠤᠢ ᠪᠣᠯᠤᠭᠰᠠᠨ ᠡᠵᠡᠩᠨᠡᠯᠲᠡ ᠶᠢᠨ ᠠᠵᠤ ᠪᠠᠶᠢᠳᠠᠯ ᠤᠨ | ᠬᠥᠭᠵᠢᠯᠲᠡ ᠪᠠᠷ ᠳᠡᠮᠵᠢᠨ᠂ ᠥᠪᠥᠷ ᠮᠣᠩᠭᠤᠯ ᠤᠨ ᠪᠥᠬᠦ ᠵᠢᠯ ᠤᠨ ᠭᠠᠳᠠᠭᠠᠳᠤ ᠠᠷᠠᠯᠵᠢᠶᠠᠨ ᠤ ︽ᠶᠠᠰᠤ ᠴᠢᠨᠠᠷ ᠢ | ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ︾ ᠪᠠᠶᠢᠳᠠᠯ ᠢ ᠪᠠᠲᠤᠯᠠᠬᠤ ᠪᠣᠯᠣᠮᠵᠢ ᠲᠠᠢ ᠪᠠᠶᠢᠨ᠎ᠠ᠃ | | | | |