ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠠᠴᠠ ᠲᠦᠩᠯᠢᠶᠣᠤ ᠬᠤᠲᠠ ᠶᠢᠨ | ᠬᠤᠤᠯᠢᠩᠭᠤᠤᠯ ᠬᠤᠳᠠ ᠬᠥᠷᠬᠦ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ 6 ᠰᠠᠷ᠎ᠠ ᠶᠢᠨ 1 ᠤ | ᠡᠳᠦᠷ ᠠᠴᠠ ᠠᠶᠠᠯᠠᠯ ᠡᠬᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠠᠭᠴᠢ ᠠᠶᠢᠮᠠᠭ ᠬᠤᠲᠠ | ᠠᠯᠤᠰᠯᠠᠭᠰᠠᠨ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠤ ᠵᠠᠮ ᠱᠤᠭᠤᠮ ᠢ ᠨᠡᠪᠲᠡᠷᠡᠭᠦᠯᠦᠭᠰᠡᠨ ᠪᠠᠶᠢᠨ᠎ᠠ | ᠃ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠠᠴᠠ ᠲᠦᠩᠯᠢᠶᠣᠤ ᠬᠤᠲᠠ ᠶᠢᠨ | ᠬᠤᠤᠯᠢᠩᠭᠤᠤᠯ ᠬᠤᠳᠠ ᠬᠥᠷᠬᠦ ᠳᠤ ᠪᠠᠷᠤᠭ 200 ᠺᠢᠯᠣᠮᠧᠲᠷ ᠠᠶᠠᠯᠠᠵᠤ᠂ 2 ᠴᠠᠭ ᠬᠡᠷᠡᠭᠰᠡᠨ᠂ ᠪᠢᠯᠧᠲ ᠤᠨ | ᠦᠨ᠎ᠡ ᠨᠢ 30 ᠲᠥᠭᠦᠷᠢᠭ ᠪᠤᠯᠥᠨ᠎ᠠ᠃ | ᠲᠣᠰ ᠵᠠᠮ ᠱᠤᠭᠤᠮ ᠢ ᠨᠡᠪᠲᠡᠷᠡᠭᠦᠯᠦᠭᠰᠡᠨ ᠨᠢ ᠬᠤᠶᠠᠷ ᠭᠠᠵᠠᠷ ᠤᠨ ᠠᠷᠠᠳ ᠣᠯᠠᠨ ᠤ ᠶᠠᠪᠤᠵᠤ ᠰᠠᠭᠤᠬᠤ ᠳᠤ | ᠳᠦᠭᠦᠮ ᠨᠦᠭᠦᠴᠡᠯ ᠢ ᠬᠠᠩᠭᠠᠵᠤ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠦᠶᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠦᠨ᠂ ᠭᠠᠵᠠᠷ ᠣᠷᠣᠨ ᠤ ᠠᠵᠤ ᠠᠬᠤᠶ ᠶᠢᠨ ᠬᠠᠮᠵᠢᠯᠴᠠᠨ ᠬᠥᠭᠵᠢᠬᠦ ᠶᠢ | ᠠᠬᠢᠭᠤᠯᠬᠤ ᠳᠤ ᠵᠣᠬᠢᠬᠤ ᠬᠤᠪᠢ ᠨᠡᠮᠡᠷᠢ ᠦᠵᠡᠭᠦᠯᠬᠦ ᠪᠣᠯᠣᠨ᠎ᠠ᠃ | ᠤᠢᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠨᠢ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠤᠳᠠ ᠶᠢᠨ ᠬᠤᠭᠤᠷᠣᠨᠳᠣᠬᠢ | ᠨᠡᠶᠢᠲᠡ ᠶᠢᠨ ᠵᠠᠮ ᠬᠠᠷᠢᠯᠴᠠᠭ᠎ᠠ ᠶᠢ ᠬᠥᠭᠵᠢᠭᠦᠯᠬᠦ ᠶᠢ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠬᠦᠮ | ᠦᠵᠡᠭᠦᠯᠬᠦ ᠡᠯ᠎ᠡ ᠵᠦᠢᠯ ᠤᠨ ᠠᠵᠢᠯ ᠤᠨ ᠵᠣᠷᠢᠯᠲᠠ ᠪᠠᠨ ᠪᠣᠯᠭᠠᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠠᠷᠠᠭᠤᠨ | ᠦᠵᠦᠮᠦᠴᠢᠨ ᠬᠤᠰᠢᠭᠤ ᠨᠢ ᠪᠠᠯᠭᠠᠷᠭᠤᠤᠯ ᠪᠠᠯᠭᠠᠰᠤ — ᠰᠢᠯᠢᠩᠬᠤᠲᠠ ᠬᠦᠷᠬᠦ ᠱᠤᠭᠤᠮ᠂ ᠪᠠᠶᠠᠨᠬᠤᠸᠠ ᠪᠠᠯᠭᠠᠰᠤ | — ᠲᠦᠩᠯᠢᠶᠣᠤ ᠬᠤᠲᠠ ᠶᠢᠨ ᠬᠤᠤᠯᠢᠩᠭᠤᠤᠯ ᠬᠤᠲᠠ ᠬᠦᠷᠬᠦ ᠱᠤᠭᠤᠮ ᠵᠡᠷᠭᠡ 2 ᠵᠤᠷᠪᠤᠰ ᠬᠤᠲᠠ ᠶᠢᠨ | ᠬᠤᠭᠤᠷᠣᠨᠳᠤᠬᠢ ᠨᠡᠶᠢᠲᠡ ᠶᠢᠨ ᠮᠠᠰᠢᠨ ᠤ ᠵᠠᠮ ᠱᠤᠭᠤᠮ ᠪᠣᠯᠣᠨ ᠪᠠᠯᠭᠠᠷᠭᠤᠤᠯ ᠪᠠᠯᠭᠠᠰᠤ — ᠪᠠᠶᠠᠨᠬᠤᠸᠠ | ᠪᠠᠯᠭᠠᠰᠤ ᠬᠦᠷᠬᠦ 1 ᠵᠤᠷᠪᠤᠰ ᠬᠤᠲᠠ ᠬᠥᠳᠡᠭᠡ ᠶᠢᠨ ᠬᠤᠭᠤᠷᠤᠨᠳᠣᠬᠢ ᠨᠡᠶᠢᠲᠡ ᠶᠢᠨ ᠮᠠᠰᠢᠨ ᠤ ᠵᠠᠮ ᠱᠤᠭᠤᠮ ᠢ | ᠨᠡᠪᠲᠡᠷᠡᠭᠦᠯᠵᠦ᠂ ᠠᠷᠠᠳ ᠣᠯᠠᠨ ᠤ ᠶᠠᠪᠤᠵᠤ ᠰᠠᠭᠤᠬᠤ ᠳᠤ ᠬᠢᠮᠳᠠ ᠮᠥᠷᠲᠡᠭᠡᠨ ᠳᠦᠭᠦᠮ ᠳᠥᠲᠡ ᠨᠦᠭᠦᠴᠡᠯ ᠢ | ᠬᠠᠩᠭᠠᠭᠰᠠᠨ ᠪᠠᠶᠢᠨ᠎ᠠ᠃ | | |