︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ︵ᠲᠦᠷ ᠬᠡᠷᠡᠭᠵᠢᠭᠦᠯᠬᠦ︶︾᠎ ᠶᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/25
      ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 16  ᠳ᠋ᠤᠭᠠᠷ ᠲᠣᠭᠠᠲᠤ ︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ︵ᠲᠦᠷ ᠬᠡᠷᠡᠭᠵᠢᠭᠦᠯᠬᠦ︶︾᠎ ᠶᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ   ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠥᠪᠯᠡᠯ᠂ ᠠᠯᠪᠠᠨ ᠭᠡᠷ᠂ ᠲᠣᠪᠴᠢᠶᠠᠨ ᠳᠤ᠄            ︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ︵ᠲᠦᠷ ᠬᠡᠷᠡᠭᠵᠢᠭᠦᠯᠬᠦ︶︾᠎ ᠶᠢ ᠨᠢᠭᠡᠨᠲᠡ ᠵᠠᠬᠢᠷᠭ᠎ᠠ ᠶᠢᠨ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                            ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                          2024 ᠣᠨ ᠤ 2  ᠳ᠋ᠤᠭᠠᠷ ᠰᠠᠷ᠎ᠠ ᠶᠢᠨ 1᠎ ᠤ ᠡᠳᠦᠷ          ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠮᠠᠯᠵᠢᠬᠤ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ︵ᠲᠦᠷ ᠬᠡᠷᠡᠭᠵᠢᠭᠦᠯᠬᠦ︶              ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠮᠠᠯᠵᠢᠬᠤ ᠶᠢ ᠠᠬᠢᠭᠤᠯᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠨ ᠰᠡᠷᠭᠦᠭᠡᠬᠦ ᠳᠠᠶᠢᠯᠠᠯᠳᠤᠭᠠᠨ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ ᠭᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢᠶᠠᠨ ᠰᠠᠶᠢᠲᠤᠷ ᠠᠳᠬᠤᠬᠤ ᠶᠢᠨ ᠲᠥᠯᠥᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠦᠨᠳᠦᠰᠦᠯᠡᠨ᠂ ᠰᠢᠯᠢ ᠶᠢᠨ ᠭᠤᠣᠯ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃            ᠨᠢᠭᠡ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠥᠬᠦᠪᠦᠷᠢ ᠣᠯᠭᠤᠨ᠎ᠠ              ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠨᠤᠲᠤᠭ ᠪᠡᠯᠴᠢᠭᠡᠷ ᠤᠨ ᠭᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠭᠠᠵᠠᠷ ᠣᠷᠣᠨ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ︵ᠳᠣᠷᠣᠭᠰᠢ ᠭᠤᠣᠯᠳᠠᠯᠭ᠎ᠠ ᠲᠠᠢ ᠭᠠᠵᠠᠷ ᠣᠷᠣᠨ ᠭᠡᠵᠦ ᠳᠥᠭᠦᠮᠴᠢᠯᠡᠨ᠎ᠡ︶᠎ ᠳᠠᠬᠢ ᠮᠢᠬᠠᠨ ᠤ ᠦᠬᠡᠷ ᠢ 50᠎ ᠠᠴᠠ ᠳᠡᠭᠡᠭᠰᠢ ᠬᠡᠪᠴᠢᠶᠡᠵᠢᠭᠦᠯᠦᠨ ᠬᠠᠰᠢᠶᠠᠯᠠᠨ ᠮᠠᠯᠵᠢᠵᠤ ᠪᠠᠶᠢᠭ᠎ᠠ ᠮᠠᠯᠵᠢᠯ ᠤᠨ ᠡᠷᠤᠬᠡ ︵ᠳᠠᠯᠠᠪᠠᠢ᠂ ᠬᠤᠷᠰᠢᠶᠠᠵᠢᠯ︶᠂ ᠬᠥᠮᠥᠨ ᠮᠠᠯ ᠤᠨ ᠣᠷᠣᠨ ᠲᠣᠭᠤᠷᠢᠭ ᠢ ᠰᠠᠯᠭᠠᠵᠤ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠣᠭᠤᠷᠢᠭ ᠢ ᠳᠡᠮᠵᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠦᠬᠦ ᠠᠶᠢᠮᠠᠭ ᠤᠨ ᠲᠣᠬᠢᠷᠠᠭᠤᠯᠤᠭᠰᠠᠨ ᠣᠨ ᠤ ᠲᠡᠳᠬᠦᠨ ᠳᠡᠮᠵᠢᠬᠦ ᠪᠡᠯᠡ ᠮᠥᠩᠭᠦ ᠶᠢᠨ ᠬᠡᠮᠵᠢᠶᠡᠨ ᠳᠣᠲᠣᠷ᠎ᠠ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢ ᠣᠯᠭᠤᠬᠤ᠂ ᠤᠷᠢᠳᠠᠪᠠᠷ ᠪᠠᠶᠢᠭᠤᠯᠤᠭᠰᠠᠨ ᠳᠤᠨᠢ ᠤᠷᠢᠳᠠᠪᠠᠷ ᠨᠥᠬᠦᠪᠦᠷᠢ ᠣᠯᠭᠤᠬᠤ︾ ᠠᠷᠭ᠎ᠠ ᠮᠠᠶ᠋ᠢᠭ ᠢᠶᠠᠷ᠂ 300 ᠬᠠᠪᠲᠠᠭᠠᠢ ᠳᠥᠷᠪᠡᠯᠵᠢᠨ ᠮᠧᠲᠷ ᠠᠴᠠ ᠳᠡᠭᠡᠭᠰᠢᠬᠢ ᠮᠠᠯ ᠤᠨ ᠫᠧᠩ ᠬᠤᠷᠤᠭ᠎ᠠ ᠶᠢ ᠰᠢᠨ᠎ᠡ ᠪᠠᠷ ᠪᠠᠶᠢᠭᠤᠯᠪᠠᠯ ᠬᠠᠪᠲᠠᠭᠠᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠰᠢᠨ᠎ᠡ ᠪᠠᠷ ᠪᠠᠶᠢᠭᠤᠯᠤᠭᠰᠠᠨ ᠮᠠᠯ ᠤᠨ ᠫᠧᠩ ᠬᠤᠷᠤᠭ᠎ᠠ ᠶᠢ ᠮᠠᠯᠵᠢᠬᠤ ᠲᠠᠷᠢᠶᠠᠯᠠᠬᠤ ᠡᠷᠤᠬᠡ ᠶᠢᠨ ᠠᠮᠢᠳᠤᠷᠠᠯ ᠤᠨ ᠲᠣᠭᠤᠷᠢᠭ ᠠᠴᠠ ᠰᠠᠯᠭᠠᠵᠤ ᠪᠠᠶᠢᠭᠤᠯᠬᠤ ᠬᠡᠷᠡᠭᠲᠡᠢ᠃ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠤᠰᠤᠳ ᠲᠦᠷᠦᠯ ᠵᠦᠢᠯ ᠤᠨ ᠪᠡᠯᠡ ᠮᠥᠩᠭᠦ ᠶᠢ ᠬᠦᠷᠲᠡᠵᠦ ᠥᠩᠭᠡᠷᠡᠭᠰᠡᠳ ᠳᠤᠰ ᠲᠦᠷᠦ ᠶᠢᠨ ᠪᠣᠳᠣᠯᠭ᠎ᠠ ᠶᠢᠨ ᠨᠥᠬᠦᠪᠦᠷᠢ ᠶᠢ ᠳᠠᠪᠬᠤᠷ ᠬᠦᠷᠲᠡᠭᠡᠵᠦ ᠪᠤᠯᠬᠤ ᠦᠭᠡᠢ᠃  ︵ᠬᠠᠷᠢᠭᠤᠴᠠᠯᠭᠠᠲᠤ   ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠳᠣᠣᠷᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠷᠢᠭᠤᠴᠠᠯᠭᠠᠲᠤ ᠨᠢᠭᠡᠴᠡ ᠳᠤ ᠴᠥᠮ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠢ ᠪᠠᠭᠲᠠᠭᠠᠵᠤ᠂ ᠳᠠᠭᠢᠵᠤ ᠲᠤᠰᠠᠭᠠᠷ ᠵᠢᠭᠰᠠᠭᠠᠬᠤ ᠦᠭᠡᠢ︶            ᠬᠤᠶᠠᠷ᠂ ᠬᠡᠪᠴᠢᠶᠡᠵᠢᠭᠰᠡᠨ ᠲᠡᠵᠢᠭᠡᠯ ᠡᠪᠡᠰᠦ ᠪᠣᠷᠳᠤᠭ᠎ᠠ ᠲᠠᠷᠢᠬᠤ ᠭᠤᠣᠯ ᠴᠣᠭᠴᠠ ᠳᠤ ᠨᠥᠬᠦᠪᠦᠷᠢ ᠣᠯᠭᠤᠨ᠎ᠠ            ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠨᠥᠬᠦᠪᠦᠷᠢ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠢᠭᠡᠳᠬᠡᠵᠦ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠭᠠᠵᠠᠷ ᠣᠷᠣᠨ ᠳᠠᠬᠢ 200 ᠮᠦ ᠠᠴᠠ ᠳᠡᠭᠡᠭᠰᠢ ᠲᠥᠪᠯᠡᠷᠡᠭᠦᠯᠦᠨ ᠬᠡᠪᠴᠢᠶᠡᠵᠢᠭᠦᠯᠦᠨ ᠲᠠᠷᠢᠵᠤ ᠪᠠᠶᠢᠬᠤ᠂ ᠭᠤᠣᠯᠳᠠᠯᠭ᠎ᠠ ᠲᠠᠢ ᠭᠠᠵᠠᠷ ᠣᠷᠣᠨ ᠤ ᠲᠡᠵᠢᠭᠡᠨ ᠦᠷᠡᠵᠢᠭᠦᠯᠬᠦ ᠭᠤᠣᠯ ᠴᠣᠭᠴᠠ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠪᠥᠭᠡᠳ ᠪᠣᠷᠤᠯᠠᠭᠤᠯᠭ᠎ᠠ ᠬᠢᠭᠰᠡᠨ ᠲᠡᠵᠢᠭᠡᠯ ᠡᠪᠡᠰᠦᠨ ᠤ ᠠᠵᠤ ᠠᠬᠤᠶᠢᠯᠠᠯ᠂ ᠲᠠᠷᠢᠮᠠᠯ ᠤᠨ ᠡᠷᠤᠬᠡ ᠳᠤ ᠨᠥᠬᠦᠪᠦᠷᠢ ᠣᠯᠭᠤᠨ᠎ᠠ᠃ ᠡᠭᠦᠨ ᠳᠤ᠂ ᠨᠣᠭᠤᠭᠠᠨ ᠢᠶᠠᠷ ᠳᠠᠷᠤᠰᠢᠭᠤᠯᠤᠭᠰᠠᠨ ᠡᠷᠳᠡᠨᠢ ᠰᠢᠰᠢ ᠳᠤ ᠮᠦ ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ᠂ ᠬᠥᠬᠡ ᠶᠤᠤᠮᠠᠢ᠂ ᠬᠥᠬᠡ ᠨᠠᠷᠢᠮᠤ ᠵᠡᠷᠭᠡ ᠳᠤ ᠮᠦ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ︽ᠥᠪᠡᠷ ᠢᠶᠠᠨ ᠳᠠᠷᠢᠵᠤ ᠥᠪᠡᠷ ᠢᠶᠠᠨ ᠬᠡᠷᠡᠭᠯᠡᠵᠦ ᠪᠠᠶᠢᠬᠤ︾᠎ ᠳᠤ ᠨᠥᠬᠦᠪᠦᠷᠢ ᠣᠯᠭᠤᠬᠤ ᠦᠭᠡᠢ᠃            ᠭᠤᠷᠪᠠ᠂ ᠲᠡᠵᠢᠭᠡᠯ ᠡᠪᠡᠰᠦ ᠪᠣᠷᠳᠤᠭ᠎ᠠ ᠶᠢ ᠡᠳ᠋ᠰᠢᠭᠦᠯᠬᠦ ᠪᠠ ᠨᠡᠭᠡᠭᠡᠨ ᠬᠥᠭᠵᠢᠭᠦᠯᠬᠦ ᠳᠤ ᠬᠦᠦ ᠮᠥᠩᠭᠦ ᠶᠢᠨ ᠨᠥᠬᠦᠪᠦᠷᠢ ᠣᠯᠭᠤᠨ᠎ᠠ           ᠠᠶᠢᠮᠠᠭ ᠤᠨ ᠳᠣᠲᠣᠷᠠᠬᠢ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠤᠨ ᠡᠳ᠋ᠰᠢᠭᠦᠯᠬᠦ᠂ ᠬᠤᠷᠢᠶᠠᠨ ᠨᠥᠭᠡᠴᠡᠯᠡᠬᠦ᠂ ᠲᠣᠬᠢᠷᠠᠭᠤᠯᠤᠨ ᠬᠦᠷᠭᠡᠬᠦ ᠪᠠ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠨ ᠡᠵᠡᠩᠨᠡᠬᠦ ᠶᠢ ᠳᠡᠮᠵᠢᠵᠤ᠂ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠤᠨ ᠬᠤᠯᠢᠮᠠᠭ ᠲᠡᠵᠢᠭᠡᠯ ᠡᠪᠡᠰᠦ ᠪᠣᠷᠳᠤᠭ᠎ᠠ ᠶᠢ ᠰᠤᠳᠤᠯᠤᠨ ᠦᠢᠯᠡᠳᠪᠦᠷᠢᠯᠡᠬᠦ ᠶᠢ ᠬᠥᠲᠥᠯᠥᠨ ᠵᠢᠯᠤᠭᠤᠳᠴᠤ᠂ ᠣᠷᠣᠨ ᠪᠦᠰᠡ ᠶᠢᠨ ᠴᠢᠨᠠᠷᠲᠠᠢ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠬᠦᠯᠦᠨ᠎ᠠ᠃ ᠵᠢᠯ ᠳᠤ 1 ᠲᠦᠮᠡᠨ ᠳᠤᠨ ᠠᠴᠠ ᠳᠡᠭᠡᠭᠰᠢ ᠦᠢᠯᠡᠳᠪᠦᠷᠢᠯᠡᠵᠦ ᠪᠣᠷᠣᠯᠠᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠦᠨ᠎ᠡ ᠪᠠᠷ ᠪᠦᠬᠦᠨ ᠢ ᠠᠶᠢᠮᠠᠭ ᠤᠨ ᠳᠣᠲᠣᠷᠠᠬᠢ ᠲᠡᠵᠢᠭᠡᠨ ᠦᠷᠡᠵᠢᠭᠦᠯᠬᠦ ᠡᠷᠤᠬᠡ ᠳᠤ ᠪᠣᠷᠣᠯᠠᠭᠤᠯᠵᠤ ᠥᠭᠭᠦᠭᠰᠡᠨ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ ᠤᠨ ᠬᠡᠷᠡᠭᠰᠡᠬᠦ ᠡᠷᠭᠢᠯᠲᠡ ᠶᠢᠨ ᠪᠡᠯᠡ ᠮᠥᠩᠭᠦ ᠶᠢᠨ ᠲᠠᠯ᠎ᠠ ᠪᠠᠷ ᠢᠲᠡᠭᠡᠮᠵᠢ ᠶᠢᠨ ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ ᠬᠤᠭᠤᠴᠠᠭᠠᠨ ᠤ LPR  ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ ᠨᠤᠷᠮ᠎ᠠ︶᠎ ᠠᠴᠠ ᠬᠡᠲᠦᠷᠡᠭᠦᠯᠬᠦ ᠦᠭᠡᠢ ᠪᠠᠷ 50%᠎ ᠶᠢᠨ ᠬᠦᠦ ᠮᠥᠩᠭᠦᠨ ᠤ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ  ︶           ᠳᠥᠷᠪᠡ᠂ ᠲᠡᠵᠢᠭᠡᠯ ᠡᠪᠡᠰᠦᠨ ᠤ ᠨᠦᠬᠡᠴᠡᠯᠡᠯᠳᠡ ᠳᠤ ᠨᠥᠬᠦᠪᠦᠷᠢ ᠣᠯᠭᠤᠨ᠎ᠠ           ᠭᠤᠣᠯᠳᠠᠯᠭ᠎ᠠ ᠲᠠᠢ ᠭᠠᠵᠠᠷ ᠣᠷᠣᠨ ᠤ ᠮᠢᠬᠠᠨ ᠤ ᠦᠬᠡᠷ ᠢ 50᠎ ᠠᠴᠠ ᠳᠡᠭᠡᠭᠰᠢ ᠬᠡᠪᠴᠢᠶᠡᠵᠢᠭᠦᠯᠦᠨ ᠬᠠᠰᠢᠶᠠᠯᠠᠨ ᠮᠠᠯᠵᠢᠵᠤ ᠪᠠᠶᠢᠭ᠎ᠠ ᠡᠷᠤᠬᠡ ︵ᠳᠠᠯᠠᠪᠠᠢ᠂ ᠬᠤᠷᠰᠢᠶᠠᠵᠢᠯ︶᠂ ᠲᠡᠵᠢᠭᠡᠨ ᠦᠷᠡᠵᠢᠭᠦᠯᠬᠦ ᠲᠣᠭᠤᠷᠢᠭ ᠵᠢᠴᠢ ᠠᠶᠢᠮᠠᠭ ᠤᠨ ᠳᠣᠲᠣᠭᠠᠳᠤ ᠳᠤ ᠲᠡᠵᠢᠭᠡᠯ ᠪᠣᠷᠳᠤᠭ᠎ᠠ ᠪᠣᠷᠣᠯᠠᠭᠤᠯᠳᠠᠭ ᠲᠤᠰᠬᠠᠶᠢᠵᠢᠭᠰᠠᠨ ᠡᠪᠡᠰᠦ ᠪᠣᠷᠳᠤᠭ᠎ᠠ ᠬᠤᠷᠢᠶᠠᠨ ᠨᠥᠭᠡᠴᠡᠯᠡᠬᠦ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠭᠤᠣᠯ ᠴᠣᠭᠴᠠ ᠶᠢ ᠳᠡᠮᠵᠢᠵᠤ᠂ ᠠᠶᠢᠮᠠᠭ ᠤᠨ ᠳᠣᠲᠣᠭᠠᠳᠤ ᠳᠠᠬᠢ ᠨᠣᠭᠤᠭᠠᠨ ᠢᠶᠠᠷ ᠳᠠᠷᠤᠰᠢᠭᠤᠯᠤᠭᠰᠠᠨ ᠡᠷᠳᠡᠨᠢ ᠰᠢᠰᠢ᠂ ᠴᠠᠷᠭᠠᠰᠤ᠂ ᠲᠡᠵᠢᠭᠡᠯ ᠳᠤ ᠬᠡᠷᠡᠭᠯᠡᠬᠦ ᠨᠣᠬᠠᠢ ᠶᠢᠨ ᠬᠤᠰᠢᠭᠤ ᠵᠡᠷᠭᠡ ᠴᠢᠨᠠᠷ ᠰᠠᠶᠢᠲᠠᠢ ᠡᠪᠡᠰᠦ ᠪᠣᠷᠳᠤᠭ᠎ᠠ ᠵᠢᠴᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠠᠯᠠᠪᠠᠢ ︵ᠡᠷᠤᠬᠡ︶᠎ ᠶᠢᠨ ᠦᠷᠬᠦᠯᠵᠢ ᠬᠡᠷᠡᠭᠯᠡᠳᠡᠭ ᠣᠨᠴᠠᠯᠢᠭᠲᠤ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠵᠦ ᠠᠰᠢᠭᠯᠠᠪᠠᠯ ᠨᠥᠬᠦᠪᠦᠷᠢ ᠣᠯᠭᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠨᠥᠬᠦᠪᠦᠷᠢ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠢᠭᠡᠳᠬᠡᠵᠦ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠥᠭᠡᠴᠡᠯᠡᠭᠰᠡᠨ ᠲᠡᠵᠢᠭᠡᠯ ᠡᠪᠡᠰᠦ ᠪᠣᠷᠳᠣᠭᠠᠨ ᠳᠤ ᠳᠤᠨ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ  ︶            ᠲᠠᠪᠤ᠂ ᠬᠢᠨᠠᠯᠲᠠ ᠬᠠᠮᠢᠶᠠᠷᠤᠯᠲᠠ  ᠪᠠᠨ ᠴᠢᠩᠭᠠᠳᠬᠠᠨ᠎ᠠ         ᠲᠠᠷᠢᠶᠠᠯᠠᠩ ᠤᠨ ᠪᠤᠰᠤ ᠣᠷᠣᠨ ᠳᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ᠂ ᠲᠡᠵᠢᠭᠡᠨ ᠦᠷᠡᠵᠢᠭᠦᠯᠬᠦ ᠲᠣᠭᠤᠷᠢᠭ ᠰᠢᠨ᠎ᠡ ᠪᠠᠷ ᠪᠠᠶᠢᠭᠤᠯᠬᠤ ᠪᠠᠷ ᠭᠠᠵᠠᠷ ᠰᠣᠩᠭᠤᠬᠤ ᠳᠤ ᠪᠠᠨ ᠪᠡᠯᠴᠢᠭᠡᠷ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠶᠢ ᠰᠡᠷᠭᠡᠶᠢᠯᠡᠨ ᠵᠠᠰᠠᠨ᠎ᠠ᠃ ᠲᠠᠷᠢᠶᠠᠯᠠᠩ ᠤᠨ ᠪᠤᠰᠤ ᠣᠷᠣᠨ ᠤ ᠬᠠᠰᠢᠶᠠᠯᠠᠨ ᠮᠠᠯᠵᠢᠬᠤ ᠲᠠᠯᠠᠪᠠᠶ᠂ ᠲᠣᠭᠤᠷᠢᠭ ᠲᠤ ᠲᠣᠭᠠᠴᠢᠯᠠᠭᠰᠠᠨ ᠬᠢᠨᠠᠨ ᠡᠵᠡᠮᠳᠡᠬᠦᠷ ᠤᠨ ᠰᠢᠰᠲ᠋ᠧᠮ ᠤᠭᠰᠠᠷᠠᠵᠤ᠂ ᠲᠤᠬᠠᠢ ᠶᠢᠨ ᠭᠠᠵᠠᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠬᠢᠨᠠᠨ ᠬᠠᠮᠢᠶᠠᠷᠬᠤ ᠲᠠᠪᠴᠠᠩ ᠭᠠᠷᠭᠠᠵᠤ᠂ ᠬᠢᠨᠠᠨ ᠬᠠᠮᠢᠶᠠᠷᠤᠨ᠎ᠠ︔ ᠲᠠᠷᠢᠶᠠᠯᠠᠩ ᠤᠨ ᠪᠤᠰᠤ ᠣᠷᠣᠨ ᠤ ᠬᠠᠰᠢᠶᠠᠯᠠᠨ ᠮᠠᠯᠵᠢᠬᠤ ᠲᠠᠯᠠᠪᠠᠢ᠂ ᠲᠣᠭᠤᠷᠢᠭ ᠲᠤ ᠪᠡᠯᠴᠢᠭᠡᠷᠯᠡᠭᠦᠯᠬᠦ ᠶᠢ ᠴᠢᠩᠭ᠎ᠠ ᠬᠤᠷᠢᠭᠯᠠᠵᠤ᠂ ᠳᠤᠷ᠎ᠠ ᠪᠠᠷ ᠢᠶᠠᠨ ᠮᠠᠯ ᠬᠠᠷᠢᠭᠤᠯᠤᠭᠰᠠᠨ᠂ ᠬᠤᠯᠠᠭᠠᠶᠢᠯᠠᠨ ᠮᠠᠯᠵᠢᠭᠰᠠᠨ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠶᠢᠨ ᠬᠠᠮᠲᠤ  ᠬᠤᠯᠪᠣᠭᠳᠠᠯ  ᠪᠦᠬᠦᠢ  ᠨᠥᠬᠦᠪᠦᠷᠢ  ᠪᠡᠯᠡ  ᠮᠥᠩᠭᠦ ᠶᠢ ᠨᠡᠬᠡᠮᠵᠢᠯᠡᠨ ᠲᠤᠰᠢᠶᠠᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ  ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶          ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠮᠢᠬᠠᠨ ᠤ ᠦᠬᠡᠷ ᠬᠠᠰᠢᠶᠠᠯᠠᠨ ᠮᠠᠯᠵᠢᠬᠤ ᠶᠢ ᠳᠡᠮᠵᠢᠵᠦ᠂ ᠪᠡᠯᠴᠢᠭᠡᠷᠯᠡᠭᠦᠯᠦᠨ ᠮᠠᠯᠵᠢᠬᠤ ᠶᠢ ᠳᠡᠮᠵᠢᠬᠦ ᠦᠭᠡᠢ᠃ ᠳᠡᠭᠡᠷᠡᠬᠢ ᠳᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ 2024 -2025 ᠣᠨ ᠬᠦᠷᠳᠡᠯ᠎ᠡ ᠬᠡᠷᠡᠭᠵᠢᠭᠦᠯᠦᠨ᠎ᠡ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠲᠦᠷᠦᠭᠦᠯᠡᠨ᠂ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ ᠨᠡᠶᠢᠲᠡᠯᠡᠨ᠎ᠡ᠃ ᠭᠤᠣᠯᠳᠠᠯᠭ᠎ᠠ ᠲᠠᠢ ᠭᠠᠵᠠᠷ ᠣᠷᠣᠨ ᠭᠡᠳᠡᠭ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ︵11 ᠬᠤᠰᠢᠭᠤ ᠰᠢᠶᠠᠨ ᠬᠤᠳᠠ ᠶᠢᠨ ᠭᠠᠴᠠᠭ᠎ᠠ ᠲᠣᠰᠬᠤᠨ ᠠᠴᠠ ᠳᠡᠭᠡᠭᠰᠢ ᠨᠢᠭᠡᠴᠢ ᠪᠣᠯᠭᠠᠨ ᠵᠠᠭᠠᠭᠯᠠᠨ ᠲᠣᠭᠲᠠᠭᠠᠭᠰᠠᠨ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ᠂ ᠡᠭᠦᠨ ᠳᠤ ᠤᠯᠠᠭᠠᠢ ᠬᠠᠮᠢᠶᠠᠷᠤᠯᠲᠠ ᠶᠢᠨ ᠣᠷᠣᠨ ᠪᠣᠯᠣᠨ ᠲᠠᠶᠢᠹᠤᠰᠧ ᠬᠤᠰᠢᠭᠤ ᠪᠠᠭᠲᠠᠬᠤ ᠦᠭᠡᠢ︶᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠨᠤᠲᠤᠭ ᠪᠡᠯᠴᠢᠭᠡᠷ ᠤᠨ ᠭᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠭᠠᠵᠠᠷ ᠣᠷᠣᠨ ︵ᠪᠠᠷᠠᠭᠤᠨ ᠦᠵᠦᠮᠦᠴᠢᠨ ᠬᠤᠰᠢᠭᠤ᠂ ᠲᠤᠯᠤᠨ ᠨᠤᠤᠷ ᠰᠢᠶᠠᠨ᠂ ᠰᠥᠨᠢᠳ ᠵᠡᠭᠦᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ︶ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ︵ᠳᠣᠯᠣᠨ ᠨᠤᠤᠷ ᠰᠢᠶᠠᠨ ᠤ ᠪᠥᠬᠦ ᠬᠡᠪᠴᠢᠶ᠎ᠡ᠂  ᠲᠠᠶᠢᠹᠤᠰᠧ ᠬᠤᠰᠢᠭᠤᠨ ᠤ ᠲᠠᠷᠢᠶᠠᠯᠠᠬᠤ ᠣᠷᠣᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠩ ᠶᠣᠣ ᠪᠠᠯᠭᠠᠰᠤ᠂ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤ ᠪᠣᠯᠣᠨ ᠰᠠᠩ ᠤᠨ ᠲᠠᠯᠠᠢ ᠪᠠᠯᠭᠠᠰᠤ︶᠃ ᠤᠤᠯ ᠤᠨ ︽ᠰᠢᠯᠢ ᠶᠢᠨ ᠭᠤᠣᠯ ᠠᠶᠢᠮᠠᠭ ᠤᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ ︵2023 - 2025 ᠣᠨ︶︾ ︵ᠰᠢᠯᠢ  ᠨᠠᠮ  ᠠᠯᠪᠠᠨ ᠲᠠᠷᠬᠠᠭᠠᠭᠰᠠᠨ  ﹇2023﹈ 10 ᠳ᠋ᠤᠭᠠᠷ ᠲᠣᠭᠠᠲᠤ︶ ᠵᠢᠴᠢ  ᠢᠵᠢ ᠪᠦᠷᠢᠳᠦᠭᠦᠯᠦᠭᠰᠡᠨ ︽ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠎ ᠢ ᠵᠡᠷᠭᠡ ᠳᠤᠨᠢ ᠬᠦᠴᠦᠨ ᠦᠭᠡᠢ ᠪᠣᠯᠭᠠᠨ᠎ᠠ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号