ᠶᠣᠣ ᠬᠤᠩ ᠭᠠᠩ ᠬᠠᠭᠤᠴᠢᠨ ᠰᠠᠭᠤᠭᠠᠯᠢ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤ ᠳᠠᠷᠤᠭ᠎ᠠ ᠶᠣᠣ ᠬᠤᠩ ᠭᠠᠩ ᠬᠠᠭᠤᠴᠢᠨ ᠰᠠᠭᠤᠭᠠᠯᠢ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠬᠦᠷᠴᠦ ᠬᠢᠨᠠᠨ  ᠵᠢᠯᠣᠭᠤᠳᠴᠤ᠂ ᠬᠤᠰᠢᠭᠤ ᠳᠡᠳ᠋ ᠳᠠᠷᠤᠭ᠎ᠠ ᠦ᠋ ᡁᠢ ᠴᠢᠶᠠᠩ᠂ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
   ᠶᠣᠣ ᠬᠤᠩ ᠭᠠᠩ ᠨᠠᠷ ᠵᠠᠰᠠᠭ ᠤᠨ ᠣᠷᠳᠣᠨ ᠤ ᠰᠠᠭᠤᠭᠠᠯᠢ ᠠᠷᠠᠳ ᠤᠨ ᠠᠰᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠭᠤᠭᠠᠯᠢ ᠠᠷᠠᠳ ᠤᠨ ᠠᠰᠠᠷ ᠵᠡᠷᠭᠡ ᠬᠠᠭᠤᠴᠢᠨ ᠰᠠᠭᠤᠭᠠᠯᠢ ᠲᠣᠭᠤᠷᠢᠭ  ᠤᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠤᠷ ᠲᠤ ᠬᠦᠷᠴᠦ᠂ ᠭᠡᠷ ᠪᠠᠶᠢᠰᠢᠩ᠂ ᠵᠠᠮ᠂ ᠢᠵᠢ ᠪᠦᠷᠢᠨ ᠲᠥᠬᠦᠭᠡᠷᠦᠮᠵᠢ ᠵᠡᠷᠭᠡ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠭᠰᠡᠨ ᠪᠥᠭᠡᠳ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠵᠢᠭᠠᠨ ᠵᠢᠯᠣᠭᠤᠳᠪᠠ᠃
   ᠶᠣᠣ ᠬᠤᠩ ᠭᠠᠩ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠤᠯᠠᠨ ᠲᠦᠮᠡᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂  ᠮᠠᠲ᠋ᠧᠷᠢᠶᠠᠯ ᠤᠨ ᠶᠠᠰᠤ ᠴᠢᠨᠠᠷ᠂ ᠪᠠᠷᠢᠯᠭ᠎ᠠ ᠶᠢᠨ ᠶᠠᠰᠤ ᠴᠢᠨᠠᠷ᠂ ᠠᠵᠢᠯ ᠤᠨ ᠶᠠᠰᠤ ᠴᠢᠨᠠᠷ ᠢ ᠴᠢᠩᠭ᠎ᠠ ᠠᠳᠬᠤᠵᠤ᠂ ᠬᠢᠨᠠᠨ ᠬᠠᠮᠢᠶᠠᠷᠬᠤ ᠨᠢᠭᠡᠴᠡ ᠨᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠱᠠᠭᠠᠷᠳᠠᠨ ᠵᠢᠯᠤᠭᠤᠳᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ᠂ ᠬᠠᠮᠢᠶ᠎ᠠ ᠪᠦᠬᠦᠢ ᠨᠢᠭᠡᠴᠡ ᠶᠢ ᠱᠠᠭᠠᠷᠳᠠᠨ ᠴᠡᠭᠴᠡᠯᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠲᠤ ᠶᠠᠮᠠᠷ ᠴᠤ ᠠᠰᠠᠭᠤᠳᠠᠯ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠠᠵᠢᠯ ᠤᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠬᠥᠮᠥᠨ ᠤ ᠬᠦᠴᠦᠨ ᠪᠠ ᠮᠠᠰᠢᠨ ᠮᠧᠬᠠᠨᠢᠭ ᠢ ᠵᠣᠬᠢᠴᠠᠭᠤᠯᠤᠨ ᠠᠬᠢᠭᠤᠯᠵᠤ᠂ ᠪᠠᠷᠢᠯᠭ᠎ᠠ ᠶᠢᠨ ᠠᠵᠢᠯ ᠠᠴᠠ ᠪᠣᠯᠤᠭᠰᠠᠨ ᠨᠥᠯᠥᠭᠡ  ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠨ᠂ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠤᠯᠠᠨ ᠲᠦᠮᠡᠨ ᠤ ᠰᠡᠳᠬᠢᠯ ᠳᠤ ᠬᠦᠷᠭᠡᠵᠦ᠂ ᠨᠡᠩ ᠤᠯᠠᠨ ᠰᠠᠭᠤᠭᠠᠯᠢ ᠠᠷᠠᠳ ᠲᠤ ᠠᠰᠢᠭ ᠬᠦᠷᠲᠡᠭᠡᠬᠦ ᠬᠡᠷᠡᠭᠲᠡᠢ ᠭᠡᠵᠡᠢ᠃    ᠶᠣᠣ ᠬᠤᠩ ᠭᠠᠩ ᠪᠠᠰᠠ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠢ ᠶᠢᠨ ᠲᠤᠰᠬᠠᠢ ᠬᠡᠷᠡᠭᠯᠡᠭᠡᠨ ᠤ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号