︽ᠲᠤᠮᠳᠠᠳᠤ ᠶᠢᠨ ᠤᠯᠠᠮᠵᠢᠯᠠᠯᠳᠤ ᠭᠡᠷ ᠤᠨ ᠬᠦᠮᠦᠵᠢᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ︾ ᠰᠤᠳᠤᠯᠤᠨ ᠶᠠᠷᠢᠯᠴᠠᠬᠤ ᠬᠤᠷᠠᠯ ᠪᠠᠷᠠᠭᠤᠨ ᠦᠵᠦᠮᠦᠴᠢᠨ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/25
      ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ ᠨᠡᠶᠢᠭᠡᠮ ᠤᠨ ᠡᠶ᠎ᠡ ᠵᠤᠬᠢᠴᠠᠩᠭᠤᠢ ᠬᠦᠭᠵᠢᠯᠳᠡ ᠶᠢᠨ ᠲᠤᠬᠠᠢ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠵᠤ᠂ ᠲᠡᠷᠢᠬᠦᠨ ᠤ ᠦᠪᠡᠷᠳᠡᠭᠡᠨ ᠵᠠᠰᠠᠬᠤ ᠤᠷᠤᠨ ᠢ ᠪᠦᠬᠦ ᠲᠠᠯ᠎ᠠ  ᠪᠠᠷ ᠪᠠᠶᠢᠭᠤᠯᠬᠤ ᠪᠠ ︽ᠤᠮᠠᠷᠠᠳᠤ ᠶᠢᠨ ᠰᠤᠶᠤᠯ︾ ᠤᠨ ᠪᠠᠶᠢᠭᠤᠯᠤᠯᠳᠠ ᠳᠤ ᠵᠤᠷᠢᠭᠤᠯᠤᠭᠰᠠᠨ ᠪᠦᠬᠦ ᠤᠷᠤᠨ ᠤ ︽ᠲᠤᠮᠳᠠᠳᠤ ᠶᠢᠨ ᠤᠯᠠᠮᠵᠢᠯᠠᠯᠳᠤ ᠭᠡᠷ ᠤᠨ ᠬᠦᠮᠦᠵᠢᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ︾ ᠰᠤᠳᠤᠯᠤᠨ ᠶᠠᠷᠢᠯᠴᠠᠬᠤ ᠬᠤᠷᠠᠯ 7 ᠰᠠᠷ᠎ᠠ ᠶᠢᠨ 22—23 ᠤ ᠡᠳᠦᠷ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠠᠠᠳᠠᠪᠠ᠃     ᠲᠤᠰ ᠤᠳᠠᠭᠠᠨ ᠤ ᠪᠦᠬᠦ ᠤᠷᠤᠨ ᠤ ︽ᠲᠤᠮᠳᠠᠳᠤ ᠶᠢᠨ ᠤᠯᠠᠮᠵᠢᠯᠠᠯᠳᠤ ᠭᠡᠷ ᠤᠨ ᠬᠦᠮᠦᠵᠢᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ︾ ᠰᠤᠳᠤᠯᠤᠨ ᠶᠠᠷᠢᠯᠴᠠᠬᠤ ᠬᠤᠷᠠᠯ ᠤᠨ ᠪᠠᠷᠠᠭᠤᠨ ᠦᠵᠦᠮᠦᠴᠢᠨ ᠬᠤᠰᠢᠭᠤᠨ ᠳᠠᠬᠢ ᠠᠮᠢᠳᠤᠷᠠᠯ ᠳᠤ ᠬᠦᠨᠵᠡᠭᠡᠶᠢᠷᠡᠨ ᠲᠤᠷᠰᠢᠯᠭ᠎ᠠ ᠰᠤᠯᠢᠯᠴᠠᠬᠤ ᠬᠤᠷᠠᠯ ᠢ ᠪᠠᠷᠠᠭᠤᠨ ᠦᠵᠦᠮᠦᠴᠢᠨ ᠬᠤᠰᠢᠭᠤᠨ ᠤ ᠮᠤᠩᠭᠤᠯ ᠰᠤᠶᠤᠯ ᠤᠨ ᠨᠡᠶᠢᠭᠡᠮᠯᠢᠭ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠨᠡᠶᠢᠭᠡᠮᠯᠢᠭ ᠤᠨ ᠲᠡᠳ᠋ ᠲᠠᠷᠤᠭ᠎ᠠ ᠬᠠᠶᠢᠷ᠎ᠠ ᠵᠡᠷᠭᠡ ᠤᠳᠤᠷᠢᠳᠤᠯᠭ᠎ᠠ ᠪᠤᠯᠤᠨ ᠭᠡᠷ ᠤᠨ ᠬᠦᠮᠦᠵᠢᠯ ᠤᠨ ᠡᠷᠳᠡᠮᠳᠡᠨ ᠰᠤᠳᠤᠯᠤᠭᠠᠴᠢ ᠪᠠᠭᠰᠢ᠂ ᠡᠯ᠎ᠡ ᠠᠶᠢᠮᠠᠭ ᠬᠤᠳᠠ ᠠᠴᠠ ᠬᠦᠷᠦᠯᠴᠡᠨ ᠢᠷᠡᠭᠰᠡᠨ ᠭᠡᠷ ᠪᠦᠯᠢ ᠶᠢᠨ ᠬᠦᠮᠦᠵᠢᠯ ᠤᠨ ᠰᠤᠳᠤᠯᠤᠨ ᠰᠤᠷᠤᠯᠴᠠᠭᠴᠢ᠂ ᠭᠡᠷ ᠤᠨ ᠠᠬᠠᠮᠠᠳ ᠤᠨ ᠲᠦᠯᠦᠭᠡᠯᠡᠭᠴᠢ᠂ ᠪᠠᠷᠠᠭᠤᠨ ᠦᠵᠦᠮᠦᠴᠢᠨ ᠬᠤᠰᠢᠭᠤᠨ ᠤ ᠬᠠᠮᠢᠶ᠎ᠠ ᠲᠠᠢ ᠨᠢᠭᠡᠴᠡ ᠶᠢᠨ ᠬᠢᠨ ᠨᠡᠶᠢᠳᠡ 120 ᠭᠠᠷᠤᠢ ᠬᠦᠮᠦᠨ ᠤᠷᠤᠯᠴᠠᠪᠠ᠃     ᠬᠤᠷᠠᠯ ᠨᠢ ᠲᠤᠰᠬᠠᠢ ᠮᠡᠷᠭᠡᠵᠢᠯ ᠤᠨ ᠪᠠᠭᠰᠢ ᠨᠠᠷ ᠤᠨ ᠢᠯᠡᠳᠬᠡᠯ ᠲᠠᠶᠢᠯᠤᠮᠵᠢ᠂ ᠭᠡᠷ ᠪᠦᠯᠢ ᠶᠢᠨ ᠬᠦᠮᠦᠵᠢᠯ  ᠤᠨ ᠲᠤᠬᠠᠢ ᠴᠢᠯᠦᠭᠡᠳᠦ ᠶᠠᠷᠢᠯᠴᠠᠯᠭ᠎ᠠ᠂ ᠠᠮᠢᠳᠤᠷᠠᠯ ᠳᠤ ᠬᠦᠨᠵᠡᠭᠡᠶᠢᠷᠡᠨ ᠲᠤᠭᠤᠷᠢᠨ ᠰᠤᠷᠤᠯᠴᠠᠬᠤ ᠵᠡᠷᠭᠡ ᠬᠡᠯᠪᠡᠷᠢ  ᠪᠠᠷ ᠶᠠᠪᠤᠠᠠᠳᠠᠵᠦ᠂ ᠦᠪᠦᠷ ᠮᠤᠩᠭᠤᠯ ᠤᠨ ᠭᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠨᠡᠶᠢᠭᠡᠮᠯᠢᠭ ᠤᠨ ᠮᠤᠩᠭᠤᠯ ᠦᠨᠳᠦᠰᠦᠳᠡᠨ ᠤ ᠤᠯᠠᠮᠵᠢᠯᠠᠯᠳᠤ ᠭᠡᠷ ᠤᠨ ᠬᠦᠮᠦᠵᠢᠯ ᠤᠨ ᠲᠤᠰᠬᠠᠢ ᠮᠡᠷᠭᠡᠵᠢᠯ ᠤᠨ ᠵᠦᠪᠯᠡᠯ ᠤᠨ ᠡᠷᠬᠢᠯᠡᠭᠴᠢ ᠬᠡᠰᠢᠬᠦᠨ ᠪᠠᠳᠤᠪᠢᠯᠢᠭ᠌᠂ ᠬᠦᠯᠦᠨ ᠪᠤᠶᠢᠷ ᠲᠡᠭᠡᠳᠦ ᠰᠤᠷᠭᠠᠭᠤᠯᠢ ᠶᠢᠨ ᠫᠷᠤᠹᠧᠰᠰᠤᠷ᠂ ᠦᠪᠦᠷ ᠮᠤᠩᠭᠤᠯ  ᠤᠨ ᠭᠡᠷ ᠤᠨ ᠬᠦᠮᠦᠵᠢᠯ ᠤᠨ ᠰᠤᠳᠤᠯᠬᠤ ᠬᠤᠷᠠᠯ ᠤᠨ ᠮᠤᠩᠭᠤᠯ ᠤᠯᠠᠮᠵᠢᠯᠠᠯᠳᠤ ᠭᠡᠷ ᠤᠨ ᠬᠦᠮᠦᠵᠢᠯ ᠤᠨ ᠤᠨᠴᠠ ᠤᠷᠢᠭᠰᠠᠨ ᠲᠤᠰᠬᠠᠢ ᠮᠡᠷᠭᠡᠵᠢᠯᠳᠡᠨ ᠤᠶᠤᠨ᠂ ᠬᠦᠯᠦᠨ ᠪᠤᠶᠢᠷ ᠲᠡᠭᠡᠳᠦ ᠰᠤᠷᠭᠠᠭᠤᠯᠢ ᠶᠢᠨ ᠫᠷᠤᠹᠧᠰᠰᠤᠷ ᠰᠢᠶᠠᠩ ᠮᠸᠢ᠂ ᠦᠪᠦᠷ ᠮᠤᠩᠭᠤᠯ ᠤᠨ ᠦᠨᠳᠦᠰᠦᠳᠡᠨ ᠤ ᠲᠡᠭᠡᠳᠦ ᠰᠤᠷᠭᠠᠭᠤᠯᠢ ᠶᠢᠨ ᠫᠷᠤᠹᠧᠰᠰᠤᠷ ᠲᠤᠭᠳᠠᠬᠤ᠂ ᠠᠷᠤ ᠬᠤᠷᠴᠢᠨ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠶᠢᠨ ᠪᠠᠭᠰᠢ ᠲᠠᠯᠠᠳ ᠲᠠᠪᠬᠤᠷᠪᠠᠶᠠᠷ ᠵᠡᠷᠭᠡ ᠪᠠᠭᠰᠢ ᠨᠠᠷ ᠠᠴᠠ ︽ᠲᠤᠮᠳᠠᠳᠤ ᠶᠢᠨ ᠤᠯᠠᠮᠵᠢᠯᠠᠯᠳᠤ ᠭᠡᠷ ᠪᠦᠯᠢ ᠶᠢᠨ ᠰᠠᠶᠢᠬᠠᠨ ᠰᠤᠷᠳᠠᠯ ᠤᠨ ᠭᠠᠷ ᠠᠪᠤᠯᠭ᠎ᠠ︾ ᠶᠢ ᠨᠠᠶᠢᠷᠠᠭᠤᠯᠤᠨ ᠪᠢᠴᠢᠬᠦ ᠲᠤᠬᠠᠢ ᠰᠠᠨᠠᠯ ᠵᠦᠪᠯᠡᠮᠵᠢ ᠪᠠ ᠲᠤᠮᠳᠠᠳᠤ ᠶᠢᠨ ᠤᠯᠠᠮᠵᠢᠯᠠᠯᠳᠤ ᠭᠡᠷ ᠪᠦᠯᠢ ᠶᠢᠨ ᠰᠠᠶᠢᠬᠠᠨ ᠰᠤᠷᠳᠠᠯ ᠢ ᠲᠦᠭᠡᠭᠡᠨ ᠲᠡᠯᠭᠡᠷᠡᠬᠦᠯᠬᠦ ᠶᠢᠨ ᠴᠢᠬᠤᠯᠠ ᠠᠴᠢ ᠬᠤᠯᠪᠤᠭᠳᠠᠯ᠂ ᠭᠡᠷ ᠪᠦᠯᠢ ᠶᠢᠨ ᠬᠦᠮᠦᠵᠢᠯ ᠳᠠᠬᠢ ᠡᠴᠢᠬᠡ ᠡᠬᠡ ᠶᠢᠨ ᠴᠢᠬᠤᠯᠠ ᠪᠠᠶᠢᠷᠢ ᠰᠠᠭᠤᠷᠢ᠂ ᠭᠡᠷ ᠪᠦᠯᠢ ᠶᠢᠨ ᠬᠦᠮᠦᠵᠢᠯ ᠤᠨ ᠬᠡᠤᠬᠡᠳ ᠤᠨ ᠲᠠᠯᠳᠠ ᠤᠬᠠᠮᠰᠠᠷ ᠲᠤ ᠦᠵᠡᠬᠦᠯᠬᠦ ᠨᠦᠯᠦᠭᠡᠯᠡᠯ ᠵᠡᠷᠭᠡ ᠠᠭᠤᠯᠭ᠎ᠠ ᠶᠢᠨ ᠲᠤᠭᠤᠷᠢᠨ ᠳᠤ ᠠᠮᠢᠳᠤᠯᠢᠭ ᠪᠤᠳᠠᠳᠠᠢ ᠵᠢᠱᠢᠶ᠎ᠡ ᠪᠠᠷᠢᠮᠳᠠ ᠳᠤ ᠲᠤᠯᠭᠠᠭᠤᠷᠢᠯᠠᠨ ᠨᠠᠷᠢᠨ ᠬᠦᠨᠵᠡᠭᠡᠢ ᠲᠠᠶᠢᠯᠤᠮᠵᠢ ᠬᠢᠪᠡ᠃    ᠬᠤᠷᠠᠯ ᠳᠤ ᠤᠷᠤᠯᠴᠠᠭᠰᠠᠳ ᠨᠢ ᠪᠠᠰᠠ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ᠂ ︽ᠡᠷ᠎ᠡ ᠶᠢᠨ ᠭᠤᠷᠪᠠᠨ ᠨᠠᠭᠠᠳᠤᠮ︾ ᠮᠦᠽᠸᠢ᠂ ᠴᠠᠭᠠᠨ ᠠᠳᠤᠭᠤᠨ ᠤ ᠰᠤᠶᠤᠯ ᠤᠨ ᠬᠦᠷᠢᠶᠡᠯᠡᠩ᠂ ︽ᠪᠡᠭᠡ ᠶᠢᠨ ᠦᠨᠦᠷ︾ ᠤᠷᠠᠨ ᠪᠢᠴᠢᠯᠭᠡ ᠶᠢᠨ ᠦᠷᠦᠬᠡ ᠪᠠᠷ ᠬᠦᠷᠴᠦ᠂ ᠤᠷᠤᠨ ᠨᠤᠳᠤᠭ ᠤᠨ ᠲᠡᠤᠬᠡ ᠰᠤᠶᠤᠯ᠂ ᠭᠡᠷ ᠤᠨ ᠬᠦᠮᠦᠵᠢᠯ ᠤᠨ ᠠᠵᠢᠯ ᠦᠢᠯᠡ ᠶᠢᠨ ᠲᠤᠬᠠᠢ ᠲᠤᠭᠤᠷᠢᠨ ᠦᠵᠡᠵᠦ᠂ ᠤᠯᠠᠮᠵᠢᠯᠠᠯᠳᠤ ᠭᠡᠷ ᠪᠦᠯᠢ ᠶᠢᠨ ᠬᠦᠮᠦᠵᠢᠯ ᠪᠤᠯᠤᠨ ᠰᠤᠶᠤᠯ ᠵᠠᠩᠰᠢᠯ ᠢᠶᠠᠨ ᠦᠪᠯᠠᠨ ᠤᠯᠠᠮᠵᠢᠯᠠᠵᠦ ᠪᠠᠶᠢᠭ᠎ᠠ ᠲᠡᠷᠢᠬᠦᠨ ᠤ ᠠᠷᠭ᠎ᠠ ᠲᠤᠷᠰᠢᠯᠭ᠎ᠠ ᠪᠠᠨ ᠬᠠᠷᠢᠯᠴᠠᠨ ᠰᠤᠯᠢᠯᠴᠠᠵᠦ ᠰᠤᠷᠤᠯᠴᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号