ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 14 ᠳ᠋ᠤᠭᠠᠷ ᠲᠣᠭᠠᠲᠤ ︽ᠰᠢᠯᠢ ᠶᠢᠨ ᠭᠤᠣᠯ | ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ | ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ | ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠵᠥᠪᠯᠡᠯ᠂ ᠠᠯᠪᠠᠨ ᠭᠡᠷ᠂ ᠲᠣᠪᠴᠢᠶᠠᠨ ᠳᠤ᠄ | ︽ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ | ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠢᠭᠡᠨᠲᠡ ᠵᠠᠬᠢᠷᠭ᠎ᠠ ᠶᠢᠨ 2024 | ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ 2024 ᠣᠨ ᠤ 2 | ᠳ᠋ᠤᠭᠠᠷ ᠰᠠᠷ᠎ᠠ ᠶᠢᠨ 1 ᠤ ᠡᠳᠦᠷ ᠰᠢᠯᠢ ᠶᠢᠨ ᠭᠤᠣᠯ ᠠᠶᠢᠮᠠᠭ ᠤᠨ ᠰᠢᠯᠢᠳᠡᠭ ᠡᠭᠦᠯᠳᠡᠷ ᠤᠨ ᠮᠢᠬᠠᠨ ᠤ | ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ ︵ᠲᠤᠷᠰᠢᠨ ᠬᠡᠷᠡᠭᠵᠢᠭᠦᠯᠬᠦ︶ | ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠡᠷᠴᠢᠮ | ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠥᠷᠭᠡᠳᠬᠡᠨ | ᠪᠣᠶᠢᠵᠢᠭᠤᠯᠬᠤ ᠶᠢ ᠲᠦᠷᠭᠡᠳᠬᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠶᠢᠨ ᠲᠥᠯᠥᠭᠡ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠦᠨᠳᠦᠰᠦᠯᠡᠨ ᠰᠢᠯᠢ ᠶᠢᠨ ᠭᠤᠣᠯ | ᠠᠶᠢᠮᠠᠭ ᠭᠠᠵᠠᠷ ᠣᠷᠣᠨ ᠤ ᠬᠥᠭᠵᠢᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠳᠤ ᠵᠠᠰᠠᠪᠤᠷᠢ | ᠣᠷᠣᠭᠤᠯᠪᠠ᠃ | ᠨᠢᠭᠡᠳᠦᠭᠡᠷ ᠪᠦᠯᠦᠭ ᠲᠡᠳᠬᠦᠨ ᠳᠡᠮᠵᠢᠬᠦ ᠡᠲᠡᠭᠡᠳ ᠵᠢᠴᠢ ᠠᠭᠤᠯᠭ᠎ᠠ | ᠨᠢᠭᠡᠳᠦᠭᠡᠷ ᠵᠦᠢᠯ ᠲᠡᠳᠬᠦᠨ ᠳᠡᠮᠵᠢᠬᠦ ᠡᠲᠡᠭᠡᠳ | ᠮᠢᠬᠠᠨ ᠤ ᠦᠬᠡᠷ ᠮᠠᠯᠵᠢᠬᠤ ᠡᠷᠦᠬᠡ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ᠂ ᠦᠷ᠎ᠡ ᠶᠢᠨ | ᠮᠠᠯ ᠤᠨ ᠲᠠᠯᠠᠪᠠᠢ | ᠬᠤᠶᠠᠳᠤᠭᠠᠷ ᠵᠦᠢᠯ ᠲᠡᠳᠬᠦᠨ ᠳᠡᠮᠵᠢᠬᠦ ᠠᠭᠤᠯᠭ᠎ᠠ | ︵ᠨᠢᠭᠡ︶ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ | ᠬᠢᠨᠠᠨ ᠲᠣᠭᠲᠠᠭᠠᠵᠤ ᠬᠢᠷᠢ ᠲᠡᠩᠴᠡᠭᠰᠡᠨ ᠠᠶᠢᠮᠠᠭ ᠤᠨ ᠳᠡᠰ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠢ | ᠨᠢᠭᠡᠯᠡ ᠳᠡᠭᠡᠷ᠎ᠡ 3 ᠲᠦᠮᠡᠨ ᠲᠥᠭᠦᠷᠢᠭ ᠢᠶᠠᠷ ᠱᠠᠩᠨᠠᠵᠤ᠂ ᠲᠠᠬᠢᠨ ᠰᠢᠨ᠎ᠡ ᠪᠠᠷ ᠬᠢᠨᠠᠨ ᠲᠣᠭᠲᠠᠭᠠᠯ ᠬᠢᠯᠭᠡᠭᠰᠡᠨ ᠢ | ᠱᠠᠩᠨᠠᠬᠤ ᠦᠭᠡᠢ᠃ 2024 ᠣᠨ ᠠᠴᠠ ᠰᠡᠭᠦᠯᠡᠷ ᠥᠷᠲᠡᠭᠡᠨ ᠤ ᠦᠷ᠎ᠡ ᠶᠢ ᠬᠡᠷᠡᠭᠯᠡᠵᠦ ᠦᠷ᠎ᠡ ᠶᠢᠨ ᠮᠠᠯ | ᠪᠣᠶᠢᠵᠢᠭᠤᠯᠤᠭᠰᠠᠨ ᠤᠯᠤᠰ ᠤᠨ ᠲᠡᠰ ᠤᠨ ᠡᠭᠦᠯᠳᠡᠷ ᠪᠣᠶᠢᠵᠢᠭᠤᠯᠬᠤ ᠭᠤᠣᠯᠳᠠᠯᠭᠠᠲᠤ ᠲᠠᠯᠠᠪᠠᠶ ᠶᠢᠨ ᠦᠬᠡᠷ | ᠪᠦᠷᠢ ᠳᠤ ᠨᠢᠭᠡᠯᠡ ᠳᠡᠭᠡᠷ᠎ᠡ 2 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠰᠢᠨ᠎ᠡ ᠪᠠᠷ ᠥᠪᠡᠷᠲᠡᠭᠡᠨ ᠵᠠᠰᠠᠬᠤ | ᠣᠷᠣᠨ ᠤ ᠲᠡᠰ ᠤᠨ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ ᠭᠤᠣᠯᠳᠠᠯᠭᠠᠲᠤ ᠲᠠᠯᠠᠪᠠᠶ ᠪᠠᠷ ᠦᠨᠡᠯᠡᠭᠳᠡᠪᠡᠯ | ᠨᠢᠭᠡᠯᠡ ᠳᠡᠭᠡᠷ᠎ᠡ 20 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠲᠡᠰ ᠤᠨ ᠮᠢᠬᠠᠨ ᠤ | ᠦᠬᠡᠷ ᠤᠨ ᠡᠭᠦᠯᠳᠡᠷ ᠪᠣᠶᠢᠵᠢᠭᠤᠯᠬᠤ ᠭᠤᠣᠯᠳᠠᠯᠭᠠᠲᠤ ᠲᠠᠯᠠᠪᠠᠶ ᠪᠠᠷ ᠦᠨᠡᠯᠡᠭᠳᠡᠪᠡᠯ ᠨᠢᠭᠡᠯᠡ ᠳᠡᠭᠡᠷ᠎ᠡ 100 ᠲᠦᠮᠡᠨ | ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠤᠯᠤᠰ ᠤᠨ ᠲᠠᠰ ᠤᠨ ᠮᠢᠬᠠᠨ ᠤ ᠦᠬᠡᠷ ᠤᠨ ᠤᠳᠤᠮᠯᠠᠯ ᠤᠨ ᠡᠬᠢ | ᠪᠠᠶᠠᠯᠢᠭ ᠤᠨ ᠡᠭᠦᠯᠳᠡᠷ ᠬᠠᠮᠠᠭᠠᠯᠠᠬᠤ ᠲᠠᠯᠠᠪᠠᠶ ︵ᠲᠣᠭᠤᠷᠢᠭ︶ ᠪᠠᠷ ᠦᠨᠡᠯᠡᠭᠳᠡᠪᠡᠯ ᠨᠢᠭᠡᠯᠡ ᠳᠡᠭᠡᠷ᠎ᠡ 30 ᠲᠦᠮᠡᠨ | ᠲᠥᠭᠦᠷᠢᠭ ᠢᠶᠠᠷ ᠱᠠᠩᠨᠠᠨ᠎ᠠ᠃ | ︵ᠬᠤᠶᠠᠷ︶ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠵᠢᠯ ᠢ ᠳᠡᠮᠵᠢᠨ᠎ᠡ᠃ | ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 1300 ᠲᠦᠮᠡᠨ ᠲᠥᠭᠦᠷᠢᠭ ᠣᠷᠴᠢᠮ ᠤᠨ ᠲᠤᠰᠬᠠᠢ | ᠲᠦᠷᠦᠯ ᠤᠨ ᠪᠡᠯᠡ ᠮᠥᠩᠭᠦ ᠣᠷᠣᠭᠤᠯᠵᠤ᠂ ᠤᠯᠤᠰ ᠲᠤ ᠪᠠᠨ ᠦᠢᠯᠡᠳᠪᠦᠷᠢᠯᠡᠭᠰᠡᠨ ᠪᠠ ᠭᠠᠳᠠᠭᠠᠳᠤ ᠠᠴᠠ | ᠣᠷᠣᠭᠤᠯᠤᠭᠰᠠᠨ ᠴᠢᠨᠠᠷ ᠰᠠᠶᠢᠲᠠᠢ ᠢᠴᠡᠭᠡᠯ ᠦᠷ᠎ᠡ᠂ ᠰᠢᠩᠭᠡᠨ ᠠᠽᠣᠲ᠂ ᠰᠢᠩᠭᠡᠨ ᠠᠽᠣᠲ ᠤᠨ ᠰᠠᠪᠠ᠂ ᠢᠴᠡᠭᠡᠯ | ᠦᠷ᠎ᠡ ᠶᠢᠨ ᠬᠡᠭᠡᠯᠲᠦᠭᠦᠯᠭᠡ ᠶᠢᠨ ᠪᠠᠭᠠᠵᠢ ᠲᠥᠬᠦᠭᠡᠷᠦᠮᠵᠢ ᠶᠢ ᠬᠤᠳᠠᠯᠳᠤᠨ ᠠᠪᠬᠤ ᠪᠠ ᠠᠶᠢᠮᠠᠭ ᠬᠤᠰᠢᠭᠤ ᠬᠤᠶᠠᠷ | ᠱᠠᠲᠤᠨ ᠤ ᠲᠤᠬᠠᠶᠢᠯᠠᠭᠰᠠᠨ ᠠᠵᠢᠯ ᠤᠨ ᠵᠠᠷᠤᠳᠠᠯ ᠳᠤ ᠬᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠢᠴᠡᠭᠡᠯ | ᠦᠷ᠎ᠡ ᠪᠦᠷᠢ ᠳᠤ 30 ᠲᠥᠭᠦᠷᠢᠭ ᠤᠨ ᠨᠥᠬᠦᠪᠦᠷᠢ ᠥᠭᠴᠦ᠂ ᠤᠯᠤᠰ ᠲᠤ ᠪᠠᠨ ᠦᠢᠯᠡᠳᠪᠦᠷᠢᠯᠡᠭᠰᠡᠨ ᠢᠴᠡᠭᠡᠯ | ᠦᠷ᠎ᠡ ᠪᠦ᠋ᠷᠢ ᠳᠤ 10 ᠲᠥᠭᠦᠷᠢᠭ ᠤᠨ ᠨᠥᠬᠦᠪᠦᠷᠢ ᠥᠭᠭᠦᠨ᠎ᠡ᠃ | ︵ᠭᠤᠷᠪᠠ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠥᠷᠭᠡᠳᠬᠡᠬᠦ ᠶᠢ ᠳᠡᠮᠵᠢᠨ᠎ᠡ᠃ | ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠠᠵᠢᠯ ᠢ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠬᠤ ᠶᠢ ᠵᠣᠷᠢᠭᠵᠢᠭᠤᠯᠤᠨ᠎ᠠ᠃ ᠡᠮᠦᠨ᠎ᠡ ᠬᠡᠰᠡᠭ ᠤᠨ | ᠮᠠᠯᠵᠢᠬᠤ ᠣᠷᠣᠨ ᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠡᠬᠡ ᠮᠠᠯ ᠢ ᠲᠥᠯᠯᠡᠬᠦ ᠡᠬᠡ ᠮᠠᠯ ᠤᠨ 65% ᠠᠴᠠ | ᠳᠡᠭᠡᠭᠰᠢ ᠳᠤ ᠬᠦᠷᠭᠡᠵᠦ᠂ ᠬᠤᠶᠢᠨ᠎ᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠳᠤ 30% ᠠᠴᠠ | ᠳᠡᠭᠡᠭᠰᠢ ᠳᠤ ᠬᠦᠷᠭᠡᠬᠦ ᠮᠥᠷᠲᠡᠭᠡᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠬᠠᠷᠢᠴᠠᠯ ᠢ ᠳᠡᠭᠡᠷ᠎ᠡ ᠵᠢᠯ ᠤᠨ | ᠬᠢ ᠠᠴᠠ 10% ᠠᠴᠠ ᠳᠡᠭᠡᠭᠰᠢ ᠳᠤ ᠬᠦᠷᠭᠡᠵᠦ᠂ ᠭᠠᠴᠠᠭᠠᠨ ᠤ ᠨᠠᠮ ᠤᠨ ᠡᠭᠦᠷ ᠠᠷᠠᠳ ᠤᠨ ᠵᠥᠪᠯᠡᠯ ᠠᠴᠠ | ᠨᠢᠭᠡᠳᠦᠯᠲᠡᠢ ᠵᠣᠬᠢᠶᠠᠨ ᠪᠠᠶᠢᠭᠤᠯᠵᠤ ᠠᠬᠢᠭᠤᠯᠤᠭᠰᠠᠨ ᠭᠠᠴᠠᠭᠠᠨ ᠳᠤ ᠨᠢᠭᠡᠯᠡ ᠳᠡᠭᠡᠷ᠎ᠡ 5 ᠲᠦᠮᠡᠨ ᠲᠥᠭᠦᠷᠢᠭ ᠤᠨ | ᠱᠠᠩᠨᠠᠯ ᠣᠯᠭᠤᠨ᠎ᠠ᠃ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ | ︵ᠬᠠᠮᠢᠶᠠᠷᠤᠯᠲᠠ ᠶᠢᠨ ᠵᠥᠪᠯᠡᠯ︶ ᠠᠴᠠ ᠪᠠᠲᠤᠯᠠᠨ ᠲᠠᠨᠢᠯᠴᠠᠭᠤᠯᠵᠤ ᠢᠯᠡ ᠨᠡᠶᠢᠲᠡᠯᠡᠨ᠂ ᠠᠶᠢᠮᠠᠭ ᠤᠨ ᠱᠠᠲᠤᠨ ᠠᠴᠠ | ᠬᠢᠨᠠᠨ ᠪᠠᠶᠢᠴᠠᠭᠠᠵᠤ ᠰᠢᠯᠭᠠᠨ ᠠᠪᠴᠤ᠂ ᠱᠠᠭᠠᠷᠳᠠᠯᠭ᠎ᠠ ᠳᠤ ᠨᠡᠶᠢᠴᠡᠭᠰᠡᠨ ᠢ ᠱᠠᠩᠨᠠᠨ ᠬᠥᠬᠢᠭᠦᠯᠦᠨ᠎ᠡ᠃ | ︵ᠳᠥᠷᠪᠡ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ | ᠳᠡᠮᠵᠢᠨ᠎ᠡ᠃ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠮᠢᠬᠠᠨ ᠤ | ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠳᠤ | ᠣᠷᠤᠯᠴᠠᠬᠤ ᠶᠢ ᠵᠣᠷᠢᠭᠵᠢᠭᠤᠯᠵᠤ᠂ ᠮᠠᠯᠵᠢᠬᠤ ᠣᠷᠣᠨ ᠳᠤ ᠭᠠᠴᠠᠭ᠎ᠠ ᠪᠠᠷ ᠨᠢᠭᠡᠴᠢᠯᠡᠵᠦ᠂ ᠢᠴᠡᠭᠡᠯ ᠦᠷ᠎ᠡ ᠶᠢᠨ | ᠬᠡᠭᠡᠯᠲᠦᠭᠦᠯᠭᠡ ᠬᠢᠭᠰᠡᠨ ᠡᠬᠡ ᠮᠠᠯ ᠤᠨ ᠲᠤᠭ᠎ᠠ 500 ᠠᠴᠠ ᠳᠡᠭᠡᠭᠰᠢ ᠪᠤᠶᠤ ᠢᠴᠡᠭᠡᠯ ᠦᠷ᠎ᠡ ᠶᠢᠨ ᠬᠡᠭᠡᠯᠲᠦᠭᠦᠯᠭᠡ | ᠬᠢᠭᠰᠡᠨ ᠬᠠᠷᠢᠴᠠᠯ ᠲᠥᠯᠯᠡᠬᠦ ᠡᠬᠡ ᠮᠠᠯ ᠤᠨ 30% ᠠᠴᠠ ᠳᠡᠭᠡᠭᠰᠢ ᠶᠢ ᠡᠵᠡᠯᠡᠭᠰᠡᠨ ᠮᠥᠷᠲᠡᠭᠡᠨ ᠬᠡᠭᠡᠯ ᠲᠣᠭᠲᠠᠭᠰᠠᠨ | ᠨᠤᠷᠮ᠎ᠠ ᠨᠢ 85% ᠠᠴᠠ ᠳᠡᠭᠡᠭᠰᠢ ᠳᠤ ᠬᠦᠷᠦᠭᠰᠡᠨ ᠪᠣᠯ᠂ ︽ᠮᠠᠯᠵᠢᠬᠤ ᠡᠷᠥᠭᠡ ᠳᠤ ᠬᠦᠷᠴᠦ ᠦᠵᠡᠬᠦ᠂ ᠲᠤᠭᠤᠯ ᠢ | ᠦᠵᠡᠬᠦ᠂ ᠳᠠᠩᠰᠠ ᠡᠪᠬᠡᠮᠡᠯ ᠢ ᠦᠵᠡᠬᠦ︾ ᠠᠷᠭ᠎ᠠ ᠮᠠᠶᠢᠭ ᠢ ᠠᠪᠴᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠢᠶᠠᠷ ᠰᠢᠯᠭᠠᠨ ᠠᠪᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ | ᠭᠤᠣᠯ ᠴᠣᠭᠴᠠ ᠳᠤ ᠲᠤᠭᠤᠯ ᠪᠦᠷᠢ ᠳᠤ 100 ᠲᠥᠭᠦᠷᠢᠭ ᠤᠨ ᠨᠥᠬᠦᠪᠦᠷᠢ ᠣᠯᠭᠤᠨ᠎ᠠ᠃ | ︵ᠲᠠᠪᠤ︶ ᠮᠢᠬᠠᠨ ᠤ ᠦᠬᠡᠷ ᠤᠨ ᠬᠦᠪᠦᠷᠡᠯ ᠰᠢᠯᠵᠢᠭᠦᠯᠬᠦ ᠶᠢ ᠳᠡᠮᠵᠢᠨ᠎ᠡ᠃ ᠠᠶᠢᠮᠠᠭ ᠤᠨ ᠳᠣᠲᠣᠷᠠᠬᠢ ᠦᠷ᠎ᠡ ᠶᠢᠨ | ᠮᠠᠯ ᠤᠨ ᠲᠠᠯᠠᠪᠠᠶ ᠠᠴᠠ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ ︵ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠡᠷᠦᠬᠡ᠂ ᠬᠤᠷᠰᠢᠶᠠᠵᠢᠯ᠂ ᠠᠵᠤ ᠠᠬᠤᠶᠢᠯᠠᠯ︶ ᠳᠤ ᠬᠦᠪᠦᠷᠡᠯ ᠰᠢᠯᠵᠢᠭᠦᠯᠬᠦ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠰᠢᠯᠭᠠᠨ ᠠᠪᠬᠤ ᠶᠢ ᠳᠡᠮᠵᠢᠨ᠂ ᠬᠡᠭᠡᠯ | ᠲᠣᠭᠲᠠᠬᠤ ᠨᠣᠷᠮ᠎ᠠ ᠶᠢ 45% ᠠᠴᠠ ᠳᠡᠭᠡᠭᠰᠢ ᠳᠤ ᠬᠦᠷᠭᠡᠵᠦ᠂ ︽ᠲᠡᠵᠢᠭᠡᠨ ᠦᠷᠡᠵᠢᠭᠦᠯᠬᠦ ᠲᠠᠯᠠᠪᠠᠶ ᠳᠤ ᠬᠦᠷᠴᠦ | ᠦᠵᠡᠬᠦ᠂ ᠲᠤᠭᠤᠯ ᠢ ᠦᠵᠡᠬᠦ᠂ ᠲᠠᠩᠰᠠ ᠡᠪᠬᠡᠮᠡᠯ ᠢ ᠦᠵᠡᠬᠦ︾ ᠪᠠᠷ ᠳᠠᠮᠵᠢᠭᠤᠯᠤᠨ᠂ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠲᠠᠯᠠᠪᠠᠶ ᠶᠢᠨ ᠬᠦᠪᠦᠷᠡᠯ ᠰᠢᠯᠵᠢᠭᠦᠯᠦᠭᠰᠡᠨ ᠲᠤᠭᠤᠯ ᠪᠦᠷᠢ ᠳᠤ ᠨᠢᠭᠡᠯᠡ ᠳᠡᠭᠡᠷ᠎ᠡ 2000 | ᠲᠥᠭᠦᠷᠢᠭ ᠤᠨ ᠨᠥᠬᠦᠪᠦᠷᠢ ᠣᠯᠭᠤᠨ᠎ᠠ᠃ ᠨᠥᠬᠦᠪᠦᠷᠢ ᠲᠠᠢ ᠥᠬᠢᠨ ᠲᠤᠭᠤᠯ ᠢ 4 ᠵᠢᠯ ᠤᠨ ᠳᠣᠲᠣᠷ᠎ᠠ ᠬᠤᠳᠠᠯᠳᠤᠵᠤ | ᠪᠣᠯᠬᠤ ᠦᠭᠡᠢ᠂ ᠦᠨᠡᠨᠬᠦ ᠬᠤᠳᠠᠯᠳᠤᠬᠤ ᠴᠢᠬᠤᠯᠠᠲᠠᠢ ᠪᠤᠶᠤ ᠰᠢᠢᠳᠪᠦᠷᠢᠯᠡᠬᠦ ᠴᠢᠬᠤᠯᠠᠲᠠᠢ ᠪᠣᠯ ᠬᠤᠰᠢᠭᠤ ᠰᠢᠶᠠᠨ | ᠬᠤᠳᠠ ︵ᠣᠷᠣᠨ︶ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ | ᠬᠠᠮᠲᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ | ᠬᠠᠮᠲᠤᠷᠠᠨ ᠬᠠᠮᠢᠶ᠎ᠠ ᠪᠦᠬᠦᠢ ᠨᠥᠬᠦᠪᠦᠷᠢ ᠮᠥᠩᠭᠦ ᠶᠢ ᠪᠤᠴᠠᠭᠠᠨ ᠠᠪᠤᠨ᠎ᠠ᠃ | ᠬᠤᠶᠠᠳᠤᠭᠠᠷ ᠪᠦᠯᠦᠭ ᠪᠡᠯᠡ ᠮᠥᠩᠭᠦᠨ ᠤ ᠲᠣᠬᠢᠷᠠᠭᠤᠯᠤᠯᠲᠠ | ᠭᠤᠷᠪᠠᠳᠤᠭᠠᠷ ᠵᠦᠢᠯ ᠪᠡᠯᠡ ᠮᠥᠩᠭᠦᠨ ᠤ ᠠᠷᠭ᠎ᠠ ᠵᠠᠮ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠢ | ᠲᠦᠷᠦᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ ᠤᠨ ᠪᠡᠯᠡ ᠮᠥᠩᠭᠦ ᠠᠴᠠ ᠭᠠᠳᠠᠨ᠎ᠠ᠂ | ᠲᠣᠰ ᠠᠷᠭ᠎ᠠ ᠳᠤ ᠬᠤᠯᠪᠣᠭᠳᠠᠬᠤ ᠲᠡᠳᠬᠦᠨ ᠳᠡᠮᠵᠢᠬᠦ ᠪᠡᠯᠡ ᠮᠥᠩᠭᠦ ᠶᠢ ᠠᠶᠢᠮᠠᠭ ᠤᠨ ᠱᠠᠲᠤᠨ ᠠᠴᠠ ᠡᠭᠦᠷᠭᠡᠯᠡᠨ᠎ᠡ᠃ | ᠡᠯ᠎ᠡ ᠬᠤᠰᠢᠭᠤ ᠰᠢᠶᠠᠨ ᠬᠤᠲᠠ ︵ᠣᠷᠣᠨ︶ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠵᠤ᠂ ᠢᠵᠢ ᠪᠦᠷᠢᠳᠦᠭᠦᠯᠬᠦ ᠪᠡᠯᠡ ᠮᠥᠩᠭᠦ ᠲᠣᠬᠢᠷᠠᠭᠤᠯᠤᠨ᠂ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠳᠬᠦᠨ ᠳᠡᠮᠵᠢᠬᠦ ᠳᠤ ᠬᠡᠷᠡᠭᠯᠡᠨ᠎ᠡ᠃ ᠲᠣᠰ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠮᠠᠯᠴᠢᠨ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ︽ᠬᠠᠮᠤᠭ | ᠥᠨᠳᠥᠷ ᠨᠥᠬᠦᠪᠦᠷᠢ ᠶᠢᠨ ᠪᠠᠷᠢᠮᠵᠢᠶ᠎ᠠ ᠶᠢ ᠰᠣᠩᠭᠤᠬᠤ︾ ᠵᠠᠷᠴᠢᠮ ᠢᠶᠠᠷ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠪᠡᠯᠡ ᠮᠥᠩᠭᠦᠨ ᠤ ᠬᠠᠮᠢᠶᠠᠷᠤᠯᠲᠠ᠃ ᠬᠤᠰᠢᠭᠤ ᠰᠢᠶᠠᠨ ᠬᠤᠲᠠ ︵ᠣᠷᠣᠨ︶ ᠶᠢᠨ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠡᠳᠬᠦᠨ ᠳᠡᠮᠵᠢᠬᠦ ᠪᠡᠯᠡ ᠮᠥᠩᠭᠦᠨ ᠤ ᠬᠠᠮᠢᠶᠠᠷᠤᠯᠲᠠ ᠪᠠᠨ | ᠴᠢᠩᠭᠠᠳᠬᠠᠵᠤ᠂ ︽ᠲᠤᠰᠬᠠᠢ ᠵᠣᠭᠤᠰ ᠢᠶᠠᠷ ᠲᠣᠭᠠᠴᠠᠭ᠎ᠠ ᠬᠢᠬᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ︾ | ᠶᠢ ᠦᠨᠡᠨᠬᠦ ᠪᠠᠲᠤᠯᠠᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ | ᠰᠠᠯᠠᠭ᠎ᠠ ᠮᠥᠴᠢᠷ ᠤᠳ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ ᠵᠢᠷᠤᠮᠵᠢᠯ ᠲᠠᠢ ᠬᠡᠷᠡᠭᠯᠡᠬᠦ ᠶᠢ | ᠦᠨᠡᠨᠬᠦ ᠪᠠᠲᠤᠯᠠᠵᠤ᠂ ᠲᠥᠷᠥᠯ ᠵᠦᠢᠯ ᠤᠨ ᠪᠡᠯᠡ ᠮᠥᠩᠭᠦ ᠶᠢ ᠮᠡᠬᠡᠯᠡᠨ ᠠᠪᠬᠤ᠂ ᠲᠦᠷᠢᠮᠡᠬᠡᠶᠢᠯᠡᠨ ᠡᠵᠡᠯᠡᠬᠦ᠂ | ᠰᠢᠯᠵᠢᠭᠦᠯᠦᠨ ᠬᠡᠷᠡᠭᠯᠡᠬᠦ᠂ ᠰᠠᠭᠤᠳᠬᠠᠵᠤ ᠠᠪᠬᠤ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ᠃ | ᠭᠤᠷᠪᠠᠳᠤᠭᠠᠷ ᠪᠦᠯᠦᠭ ᠬᠢᠨᠠᠯᠲᠠ ᠬᠠᠮᠢᠶᠠᠷᠤᠯᠲᠠ | ᠲᠠᠪᠤᠳᠤᠭᠠᠷ ᠵᠦᠢᠯ ᠰᠢᠯᠢᠳᠡᠭ ᠡᠭᠦᠯᠳᠡᠷ ᠤᠨ ᠦᠬᠡᠷ ᠤᠨ ᠬᠠᠮᠢᠶᠠᠷᠤᠯᠲᠠ᠃ ᠠᠶᠢᠮᠠᠭ ᠬᠤᠰᠢᠭᠤ ᠬᠤᠶᠠᠷ | ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠦᠷ᠎ᠡ ᠶᠢᠨ ᠮᠠᠯ ᠤᠨ ᠲᠠᠯᠠᠪᠠᠶ᠂ | ᠬᠡᠪᠴᠢᠶᠡᠵᠢᠭᠦᠯᠦᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ᠂ ᠮᠢᠬᠠᠨ ᠤ ᠦᠬᠡᠷ ᠤᠨ ᠭᠤᠣᠯᠳᠠᠯᠭᠠᠲᠤ | ᠰᠦᠷᠦᠭ ᠢᠶᠠᠷ ᠭᠤᠣᠯ ᠪᠣᠯᠭᠠᠵᠤ᠂ ᠵᠢᠯ ᠪᠦᠷᠢ ᠰᠢᠯᠢᠳᠡᠭ ᠡᠭᠦᠯᠳᠡᠷ ᠤᠨ ᠡᠬᠡ ᠮᠠᠯ ᠳᠤ ᠪᠠᠶᠢᠴᠠᠭᠠᠯᠲᠠ ᠬᠢᠵᠦ᠂ | ᠳᠡᠩᠰᠡᠯᠡᠨ ᠺᠠᠷᠲᠯᠠᠵᠤ᠂ ᠲᠣᠭᠠᠴᠢᠯᠠᠭᠰᠠᠨ ᠬᠠᠮᠢᠶᠠᠷᠤᠯᠲᠠ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠬᠢᠨᠠᠨ ᠲᠣᠭᠲᠠᠭᠠᠵᠤ ᠰᠢᠯᠭᠠᠨ ᠠᠪᠬᠤ᠃ ᠠᠶᠢᠮᠠᠭ ᠬᠤᠰᠢᠭᠤ ᠬᠤᠶᠠᠷ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠦᠷᠦᠭᠦᠯᠡᠨ ᠡᠯ᠎ᠡ ᠵᠦᠢᠯ ᠤᠨ ᠬᠢᠨᠠᠨ ᠲᠣᠭᠲᠠᠭᠠᠵᠤ ᠰᠢᠯᠭᠠᠨ | ᠠᠪᠬᠤ ᠠᠵᠢᠯ ᠥᠷᠨᠢᠭᠦᠯᠦᠨ᠎ᠡ᠃ | ︵ᠨᠢᠭᠡ︶ ᠭᠤᠣᠯᠳᠠᠯᠭᠠᠲᠤ ᠰᠦᠷᠦᠭ ᠢ ᠰᠢᠯᠭᠠᠨ ᠠᠪᠬᠤ᠃ ᠡᠯ᠎ᠡ ᠬᠤᠰᠢᠭᠤ ᠰᠢᠶᠠᠨ ᠬᠤᠲᠠ ︵ᠣᠷᠣᠨ︶ ᠨᠢ | ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ ᠪᠠᠶᠢᠭᠤᠯᠤᠯᠲᠠ ᠶᠢᠨ | ᠪᠠᠷᠢᠮᠵᠢᠶ᠎ᠠ︾ ᠶᠣᠰᠣᠭᠠᠷ ᠭᠤᠣᠯᠳᠠᠯᠭᠠᠲᠤ ᠰᠦᠷᠦᠭ ᠢᠶᠠᠷ ᠭᠤᠶᠤᠴᠢᠯᠠᠭᠰᠠᠨ ᠲᠡᠵᠢᠭᠡᠨ ᠦᠷᠡᠵᠢᠭᠦᠯᠬᠦ ᠡᠷᠦᠬᠡ ︵ | ᠲᠠᠯᠠᠪᠠᠶ︶ ᠶᠢ ᠠᠩᠬ᠎ᠠ ᠠᠯᠬᠤᠮ ᠰᠢᠯᠭᠠᠨ ᠪᠠᠶᠢᠴᠠᠭᠠᠬᠤ ᠶᠢᠨ ᠬᠠᠮᠲᠤ᠂ ᠠᠩᠬ᠎ᠠ ᠠᠯᠬᠤᠮ ᠰᠢᠯᠭᠠᠨ ᠪᠠᠶᠢᠴᠠᠭᠠᠭᠰᠠᠨ | ᠦᠷ᠎ᠡ ᠳ᠋ᠦᠩ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠣᠪᠴᠢᠶᠠᠨ ᠳᠤ ᠮᠡᠳᠡᠭᠦᠯᠦᠨ ᠰᠢᠯᠭᠠᠨ ᠠᠪᠤᠭᠤᠯᠬᠤ ᠪᠠᠷ ᠭᠤᠶᠤᠴᠢᠯᠠᠨ᠎ᠠ︔ ᠠᠶᠢᠮᠠᠭ ᠤᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠨᠢ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠨ ᠰᠢᠯᠭᠠᠨ ᠠᠪᠴᠤ᠂ ᠰᠢᠯᠭᠠᠨ ᠠᠪᠤᠭᠰᠠᠨ ᠦᠷ᠎ᠡ ᠳ᠋ᠦᠩ ᠢᠶᠠᠨ ᠨᠡᠶᠢᠭᠡᠮ | ᠨᠡᠶᠢᠲᠡ ᠳᠤ ᠨᠡᠶᠢᠲᠡᠯᠡᠵᠦ᠂ ᠨᠥᠬᠦᠴᠡᠯ ᠳᠤ ᠨᠡᠶᠢᠴᠡᠪᠡᠯ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠢᠶᠠᠷ | ᠲᠣᠭᠲᠠᠭᠠᠭᠰᠠᠨ ᠦᠨᠡᠮᠯᠡᠯ ᠢ ᠨᠢᠭᠡᠳᠦᠯᠲᠡᠢ ᠣᠯᠭᠤᠨ᠎ᠠ᠃ | ︵ᠬᠤᠶᠠᠷ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ | ᠰᠢᠯᠭᠠᠨ ᠠᠪᠬᠤ ᠃ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ | ᠴᠣᠭᠴᠠ ᠳᠤ ᠪᠦᠷᠢᠳᠬᠡᠬᠦ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠵᠦ᠂ ᠰᠠᠭᠤᠭ᠎ᠠ ᠬᠤᠰᠢᠭᠤ ᠰᠢᠶᠠᠨ ᠬᠤᠲᠠ | ︵ᠣᠷᠣᠨ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠦᠷᠢᠳᠬᠡᠭᠦᠯᠦᠨ | ᠲᠡᠮᠳᠡᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ᠎ᠠ᠃ ᠱᠠᠩᠨᠠᠬᠤ | ᠨᠥᠬᠦᠴᠡᠯ ᠳᠤ ᠨᠡᠶᠢᠴᠡᠬᠦ ᠦᠢᠯᠡᠴᠢᠯᠡᠭᠡᠨ ᠤ ᠭᠤᠣᠯ ᠴᠣᠭᠴᠠ ᠨᠢ ᠰᠠᠶᠢᠨ ᠳᠤᠷ᠎ᠠ ᠠᠴᠠ ᠪᠠᠨ ᠰᠠᠭᠤᠭ᠎ᠠ ᠬᠤᠰᠢᠭᠤ | ᠰᠢᠶᠠᠨ ᠬᠤᠲᠠ ︵ᠣᠷᠣᠨ︶ ᠶᠢᠨ ᠢᠶᠠᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠭᠤᠶᠤᠴᠢᠯᠠᠯ | ᠳᠡᠪᠰᠢᠭᠦᠯᠦᠨ᠎ᠡ᠃ ᠬᠤᠰᠢᠭᠤ ᠰᠢᠶᠠᠨ ᠬᠤᠲᠠ ︵ᠣᠷᠣᠨ︶ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠬᠤ ᠪᠠ ᠲᠤᠬᠠᠢ ᠶᠢᠨ ᠭᠠᠵᠠᠷ | ᠲᠤᠨᠢ ᠬᠠᠷᠭᠤᠭᠤᠯᠤᠨ ᠪᠠᠶᠢᠴᠠᠭᠠᠬᠤ ᠠᠵᠢᠯ ᠬᠢᠵᠦ᠂ ᠬᠢᠨᠠᠨ ᠬᠠᠷᠭᠤᠭᠤᠯᠤᠭᠰᠠᠨ ᠰᠠᠨᠠᠯ ᠬᠢᠭᠡᠳ ᠭᠤᠶᠤᠴᠢᠯᠠᠭᠰᠠᠨ | ᠮᠠᠲ᠋ᠧᠷᠢᠶᠠᠯ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠣᠪᠴᠢᠶᠠᠨ ᠳᠤ ᠮᠡᠳᠡᠭᠦᠯᠦᠨ ᠰᠢᠯᠭᠠᠨ ᠠᠪᠤᠭᠤᠯᠬᠤ ᠪᠠᠷ ᠭᠤᠶᠤᠴᠢᠯᠠᠨ᠎ᠠ᠃ ᠠᠶᠢᠮᠠᠭ ᠤᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠢᠯᠭᠠᠬᠤ ᠪᠠ ᠮᠠᠲ᠋ᠧᠷᠢᠶᠠᠯ ᠬᠢᠨᠠᠨ ᠬᠠᠷᠭᠤᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ | ᠦᠢᠯᠡᠴᠢᠯᠡᠭᠡᠨ ᠤ ᠭᠤᠣᠯ ᠴᠣᠭᠴᠠ ᠳᠤ ᠬᠢᠨᠠᠨ ᠲᠣᠭᠲᠠᠭᠠᠯᠲᠠ ᠬᠢᠨ᠎ᠡ᠃ ᠠᠶᠢᠮᠠᠭ ᠤᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠨᠢ ︽ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠯᠭᠠᠨ ᠦᠨᠡᠯᠡᠬᠦ ᠨᠠᠷᠢᠨ ᠳᠦᠷᠢᠮ︾ ᠲᠣᠭᠲᠠᠭᠠᠨ᠎ᠠ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠣᠯᠣᠳᠤᠭᠠᠷ ᠵᠦᠢᠯ ᠲᠤᠰ ᠲᠡᠳᠬᠦᠨ ᠳᠡᠮᠵᠢᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 1 ᠵᠢᠯ᠃ ᠤᠤᠯ ᠤᠨ ︽ᠰᠢᠯᠢ ᠶᠢᠨ ᠭᠤᠣᠯ ᠠᠶᠢᠮᠠᠭ ᠤᠨ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ | ︵2022 - 2023 ᠣᠨ︶︾ ︵ᠰᠢᠯᠢ ᠵᠠᠬᠢᠷᠭ᠎ᠠ ᠲᠠᠷᠬᠠᠭᠠᠭᠰᠠᠨ︹ 2022 ︺21 ᠳ᠋ᠦ᠋ᠭᠡᠷ ᠲᠣᠭᠠᠲᠤ︶ ᠶᠢ | ᠵᠡᠷᠭᠡ ᠳᠤᠨᠢ ᠬᠦᠴᠦᠨ ᠦᠭᠡᠢ ᠪᠣᠯᠭᠠᠨ᠎ᠠ︔ ᠲᠣᠰ ᠠᠷᠭ᠎ᠠ ᠶᠢ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶᠠᠨ ᠠᠴᠠ ᠬᠠᠷᠢᠭᠤᠴᠠᠨ ᠲᠠᠶᠢᠯᠪᠤᠷᠢᠯᠠᠨ᠎ᠠ᠃ |