ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈15 ᠳ᠋ᠤᠭᠠᠷ ᠲᠣᠭᠠᠲᠤ ︽2024 ᠣᠨ ᠤ | ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ | ᠲᠤᠰᠬᠠᠢ ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ ᠡᠯ᠎ᠡ ᠬᠤᠰᠢᠭᠤ ᠰᠢᠶᠠᠨ ᠬᠤᠲᠠ | ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠵᠥᠪᠯᠡᠯ᠂ ᠠᠯᠪᠠᠨ ᠭᠡᠷ᠂ ᠲᠣᠪᠴᠢᠶᠠᠨ ᠳᠤ᠄ ︽2024 ᠣᠨ ᠤ ᠰᠢᠯᠢ ᠶᠢᠨ ᠭᠤᠣᠯ | ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠲᠤᠰᠬᠠᠢ | ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠨᠢᠭᠡᠨᠲᠡ ᠵᠠᠬᠢᠷᠭ᠎ᠠ ᠶᠢᠨ 2024 ᠣᠨ ᠤ 5 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ | 2024 ᠣᠨ ᠤ 2 ᠳ᠋ᠤᠭᠠᠷ ᠰᠠᠷ᠎ᠠ ᠶᠢᠨ 1 ᠤ ᠡᠳᠦᠷ | 2024 ᠣᠨ ᠤ ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠶᠢ ᠲᠤᠰᠬᠠᠢ ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ | | ᠮᠠᠨ ᠤ ᠠᠶᠢᠮᠠᠭ ᠤᠨ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠡᠭᠦᠯᠳᠡᠷ ᠬᠠᠩᠭᠠᠬᠤ ᠴᠢᠳᠠᠪᠤᠷᠢ ᠶᠢ ᠴᠢᠩᠭᠠᠷᠠᠭᠤᠯᠤᠨ᠂ ᠮᠢᠬᠠᠨ ᠤ ᠦᠬᠡᠷ ᠤᠨ ᠠᠵᠤ ᠦᠢᠯᠡᠰ ᠤᠨ ᠦᠷ᠎ᠡ ᠠᠰᠢᠭ | ᠪᠠ ᠠᠵᠤ ᠦᠢᠯᠡᠰ ᠤᠨ ᠥᠷᠢᠰᠦᠯᠳᠦᠬᠦ ᠬᠦᠴᠦᠨ ᠢ ᠦᠨᠡᠨᠬᠦ ᠴᠢᠩᠭᠠᠳᠬᠠᠬᠤ ᠶᠢᠨ ᠲᠤᠰᠠᠳᠠ᠂ ᠮᠠᠨ ᠤ ᠠᠶᠢᠮᠠᠭ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠮᠢᠬᠠᠨ ᠤ ᠦᠬᠡᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ | ᠪᠣᠯᠭᠠᠨ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠮᠢᠬᠠᠨ ᠤ ᠦᠬᠡᠷ ᠤᠨ ᠠᠵᠤ ᠦᠢᠯᠡᠰ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ᠂ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠪᠠ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠮᠢᠬᠠᠨ ᠤ | ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠬᠠᠩᠭᠠᠨ᠎ᠠ᠃ | ᠬᠤᠶᠠᠷ᠂ ᠬᠠᠷᠠᠯᠲᠠ ᠡᠭᠦᠷᠭᠡ | ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ᠂ ᠪᠠᠶᠢᠭᠠᠯᠢᠯᠢᠭ ᠬᠡᠭᠡᠯᠲᠦᠭᠦᠯᠭᠡ ᠶᠢᠨ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠢᠴᠡᠭᠡᠯ ᠦᠷ᠎ᠡ ᠶᠢᠨ ᠬᠡᠭᠡᠯᠲᠦᠭᠦᠯᠭᠡ᠂ ᠰᠢᠯᠢᠳᠡᠭ ᠡᠭᠦᠯᠳᠡᠷ ᠤᠨ ᠦᠬᠡᠷ ᠢ | ᠨᠡᠶᠢᠳᠡᠮ ᠪᠠᠶᠢᠴᠠᠭᠠᠵᠤ ᠬᠢᠨᠠᠨ ᠲᠣᠭᠲᠠᠭᠠᠬᠤ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ᠂ ᠬᠤᠸᠠᠰᠢ ᠦᠬᠡᠷ ᠤᠨ ᠰᠦᠷᠦᠭ ᠢ ᠥᠷᠭᠡᠳᠬᠡᠨ ᠦᠷᠡᠵᠢᠭᠦᠯᠬᠦ᠂ ᠦᠷ᠎ᠡ ᠡᠭᠦᠯᠳᠡᠷ ᠤᠨ ᠡᠬᠢ | ᠪᠠᠶᠠᠯᠢᠭ ᠢ ᠬᠠᠮᠠᠭᠠᠯᠠᠬᠤ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠡᠯ᠎ᠡ ᠭᠤᠭᠴᠤᠭ᠎ᠠ ᠪᠠᠨ ᠤᠯᠠᠮ | ᠴᠢᠩᠭᠠᠳᠬᠠᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ ᠬᠦᠴᠦᠯᠡᠨ | ᠳᠡᠭᠡᠭᠰᠢᠯᠡᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢᠶᠠᠨ | ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ ᠢᠴᠡᠭᠡᠯ ᠦᠷ᠎ᠡ ᠶᠢᠨ ᠰᠢᠩᠭᠡᠨ ᠢ 46 ᠲᠦᠮᠡᠨ ᠲᠣᠯᠣᠭᠠᠢ | ᠬᠡᠭᠡᠯᠲᠦᠭᠦᠯᠦᠨ᠎ᠡ︔ 60 ᠲᠦᠮᠡᠨ ᠢᠴᠡᠭᠡᠯ ᠦᠷ᠎ᠡ ᠶᠢ ᠬᠤᠳᠠᠯᠳᠤᠨ ᠠᠪᠤᠨ᠎ᠠ ︵ᠤᠯᠤᠰ ᠲᠠᠭᠠᠨ ᠦᠢᠯᠡᠳᠪᠦᠷᠢᠯᠡᠭᠰᠡᠨ | 30 ᠲᠦᠮᠡᠨ ᠰᠢᠷᠬᠡᠭ᠂ ᠭᠠᠳᠠᠭᠠᠳᠤ ᠠᠴᠠ ᠣᠷᠣᠭᠤᠯᠤᠭᠰᠠᠨ 30 ᠲᠦᠮᠡᠨ ᠰᠢᠷᠬᠡᠭ︶︔ ᠦᠷ᠎ᠡ ᠶᠢᠨ ᠮᠠᠯ ᠤᠨ | ᠲᠠᠯᠠᠪᠠᠢ 3᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ 30 ᠶᠢ ᠰᠢᠨ᠎ᠡ ᠪᠠᠷ ᠪᠠᠶᠢᠭᠤᠯᠤᠨ᠎ᠠ︔ ᠬᠤᠸᠠᠰᠢ | ᠦᠬᠡᠷ ᠤᠨ ᠡᠭᠦᠯᠳᠡᠷ ᠪᠣᠶᠢᠵᠢᠭᠤᠯᠤᠯᠲᠠ ᠶᠢᠨ ᠰᠦᠷᠦᠭ ᠲᠤ 0.3 ᠲᠦᠮᠡᠨ ᠲᠣᠯᠣᠭᠠᠢ ᠶᠢᠨ ᠬᠢᠨᠠᠨ ᠲᠣᠭᠲᠠᠭᠠᠯᠲᠠ | ᠬᠢᠨ᠎ᠡ︔ ᠮᠢᠬᠠᠨ ᠤ ᠦᠬᠡᠷ ᠤᠨ ᠴᠢᠨᠠᠷ ᠢ 0.8 ᠲᠦᠮᠡᠨ ᠲᠣᠯᠣᠭᠠᠢ ᠳᠤ ᠬᠡᠮᠵᠢᠨ ᠲᠣᠭᠲᠠᠭᠠᠬᠤ ᠶᠢ ᠥᠷᠨᠢᠭᠦᠯᠦᠨ᠎ᠡ᠃ | | ᠭᠤᠷᠪᠠ᠂ ᠬᠥᠭᠵᠢᠯᠲᠡ ᠶᠢᠨ ᠪᠠᠶᠢᠷᠢᠯᠠᠭᠤᠯᠤᠯᠲᠠ | ᠮᠠᠨ ᠤ ᠠᠶᠢᠮᠠᠭ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠷᠬᠠᠯᠲᠠ ᠶᠢᠨ ᠪᠣᠳᠠᠲᠠᠢ ᠪᠠᠶᠢᠳᠠᠯ ᠢ | ᠦᠨᠳᠦᠰᠦᠯᠡᠨ᠂ ᠲᠠᠷᠢᠶᠠᠯᠠᠬᠤ ᠣᠷᠣᠨ ᠢ ᠪᠥᠬᠦ ᠬᠡᠪᠴᠢᠶ᠎ᠡ ᠪᠠᠷ ᠨᠢ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠣᠷᠣᠨ ᠢᠶᠠᠷ ᠲᠣᠭᠲᠠᠭᠠᠪᠠ︔ ᠮᠠᠯᠵᠢᠬᠤ ᠣᠷᠣᠨ ᠳᠤ ᠭᠡᠷ ᠪᠦᠯᠢ ᠶᠢᠨ ᠮᠠᠯᠵᠢᠯ ᠤᠨ ᠲᠠᠯᠠᠪᠠᠶ ︵ᠮᠢᠬᠠᠨ ᠤ ᠦᠬᠡᠷ ᠤᠨ | ᠭᠤᠣᠯᠳᠠᠯᠭᠠᠲᠤ ᠰᠦᠷᠦᠭ︶᠂ ᠬᠤᠷᠰᠢᠶᠠᠵᠢᠯ ᠢᠶᠠᠷ ᠨᠢᠭᠡᠴᠢ ᠪᠣᠯᠭᠠᠨ᠂ ᠣᠶᠢᠷ᠎ᠠ ᠬᠠᠪᠢ ᠶᠢᠨ ᠮᠠᠯᠵᠢᠬᠤ ᠡᠷᠦᠬᠡ ᠶᠢ | ᠳᠠᠶᠢᠴᠢᠯᠠᠵᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠬᠤ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ︔ ᠨᠥᠬᠦᠴᠡᠯ ᠲᠠᠢ ᠮᠢᠬᠠᠨ ᠤ ᠦᠬᠡᠷ ᠤᠨ ᠭᠡᠷ ᠪᠦᠯᠢ ᠶᠢᠨ ᠮᠠᠯᠵᠢᠯ ᠤᠨ | ᠲᠠᠯᠠᠪᠠᠢ ︵ᠭᠤᠣᠯᠳᠠᠯᠭᠠᠲᠤ ᠰᠦᠷᠦᠭ︶᠂ ᠬᠤᠷᠰᠢᠶᠠᠵᠢᠯ ᠪᠠ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ | ᠲᠤᠷᠰᠢᠯᠲᠠ ᠶᠢᠨ ᠴᠢᠭ ᠲᠤ ᠬᠥᠪᠦᠷᠡᠯ ᠰᠢᠯᠵᠢᠭᠦᠯᠬᠦ ᠠᠵᠢᠯ ᠥᠷᠨᠢᠭᠦᠯᠵᠦ᠂ ᠰᠢᠯᠢᠳᠡᠭ ᠡᠭᠦᠯᠳᠡᠷ ᠤᠨ ᠮᠢᠬᠠᠨ ᠤ | ᠦᠬᠡᠷ ᠢ ᠥᠷᠭᠡᠳᠬᠡᠨ ᠦᠷᠡᠵᠢᠭᠦᠯᠬᠦ ᠬᠤᠷᠳᠤᠴᠠ ᠪᠠᠨ ᠲᠦᠷᠭᠡᠳᠬᠡᠨ᠂ ᠤᠳᠤᠮᠯᠠᠯ ᠤᠨ ᠠᠬᠢᠴᠠ ᠶᠢ | ᠳᠡᠭᠡᠭᠰᠢᠯᠡᠭᠦᠯᠦᠨ᠎ᠡ︔ ᠠᠪᠠᠭ᠎ᠠ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠵᠡᠷᠭᠡ ᠭᠠᠵᠠᠷ ᠢᠶᠠᠷ ᠲᠤᠷᠰᠢᠯᠲᠠ ᠶᠢᠨ | ᠴᠢᠭ ᠪᠣᠯᠭᠠᠵᠤ᠂ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ | ᠥᠷᠨᠢᠭᠦᠯᠦᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠪᠠᠨ ᠥᠷᠭᠡᠳᠬᠡᠨ᠎ᠡ᠃ | ᠳᠥᠷᠪᠡ᠂ ᠮᠡᠷᠭᠡᠵᠢᠯ ᠤᠨ ᠱᠤᠭᠤᠮ | ᠭᠠᠷ ᠬᠡᠭᠡᠯᠲᠦᠭᠦᠯᠭᠡ᠂ ᠬᠦᠪᠦᠷᠡᠯ ᠰᠢᠯᠵᠢᠭᠦᠯᠬᠦ ᠮᠡᠷᠭᠡᠵᠢᠯ ᠬᠢᠭᠡᠳ ᠶᠠᠰᠤ ᠴᠢᠨᠠᠷ ᠢ ᠰᠣᠩᠭᠤᠨ ᠬᠡᠭᠡᠯᠲᠦᠭᠦᠯᠬᠦ ᠶᠢ | ᠤᠶᠠᠯᠳᠤᠭᠤᠯᠬᠤ ᠠᠷᠭ᠎ᠠ ᠠᠪᠴᠠᠯ ᠠᠪᠴᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ ᠢ | ᠳᠡᠯᠭᠡᠷᠡᠭᠦᠯᠬᠦ ᠪᠠᠷ ᠭᠤᠣᠯ ᠪᠣᠯᠭᠠᠵᠤ᠂ ᠣᠷᠣᠨ ᠨᠤᠲᠤᠭ ᠤᠨ ᠡᠭᠦᠯᠳᠡᠷ ᠢ ᠬᠠᠮᠠᠭᠠᠯᠠᠬᠤ ᠪᠠᠷ ᠬᠠᠪᠰᠤᠷᠤᠮᠵᠢ ᠪᠣᠯᠭᠠᠵᠤ᠂ | ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠥᠰᠬᠡᠬᠦ ᠠᠵᠢᠯ ᠢᠶᠠᠨ ᠦᠷᠭᠦᠯᠵᠢᠯᠡᠨ ᠠᠬᠢᠭᠤᠯᠤᠨ᠎ᠠ᠃ | ᠢᠴᠡᠭᠡᠯ ᠦᠷ᠎ᠡ ᠶᠢᠨ ᠬᠡᠭᠡᠯᠲᠦᠭᠦᠯᠭᠡ ᠳᠤ ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ | ᠥᠷᠲᠡᠭᠡᠨ ᠠᠴᠠ ᠨᠢᠭᠡᠳᠦᠯᠲᠡᠢ ᠲᠠᠷᠬᠠᠭᠠᠭᠰᠠᠨ ᠭᠠᠳᠠᠭᠠᠳᠤ ᠠᠴᠠ ᠣᠷᠣᠭᠤᠯᠤᠭᠰᠠᠨ ᠪᠤᠶᠤ ᠤᠯᠤᠰ ᠲᠠᠭᠠᠨ | ᠦᠢᠯᠡᠳᠪᠦᠷᠢᠯᠡᠭᠰᠡᠨ ᠢᠴᠡᠭᠡᠯ ᠦᠷ᠎ᠡ ᠶᠢ ᠰᠣᠩᠭᠤᠨ ᠬᠡᠭᠡᠯᠲᠦᠭᠦᠯᠵᠦ᠂ ᠪᠠᠶᠢᠭᠠᠯᠢᠯᠢᠭ ᠬᠡᠭᠡᠯᠲᠦᠭᠦᠯᠭᠡ ᠳᠤ | ᠭᠤᠷᠪᠠᠳᠤᠭᠠᠷ ᠦᠶ᠎ᠡ ᠠᠴᠠ ᠳᠡᠭᠡᠭᠰᠢᠬᠢ ᠬᠢᠷᠢ ᠲᠡᠩᠴᠡᠭᠰᠡᠨ ᠦᠷ᠎ᠡ ᠶᠢᠨ ᠮᠠᠯ ᠢ ᠰᠣᠩᠭᠤᠨ ᠬᠡᠭᠡᠯᠲᠦᠭᠦᠯᠦᠨ᠎ᠡ᠃ | ᠲᠠᠪᠤ᠂ ᠭᠤᠣᠯᠳᠠᠯᠭ᠎ᠠ ᠲᠠᠢ ᠠᠵᠢᠯ | ︵ᠨᠢᠭᠡ︶ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ | ᠨᠢᠭᠡ ᠳᠤ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠭᠦᠯᠳᠡᠷ ᠤᠨ ᠨᠥᠬᠦᠪᠦᠷᠢ ᠶᠢᠨ ᠪᠡᠯᠡ ᠮᠥᠩᠭᠦ ᠵᠢᠴᠢ | ᠠᠶᠢᠮᠠᠭ ᠤᠨ ᠳᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠲᠤᠰᠬᠠᠢ ᠲᠥᠷᠥᠯ ᠤᠨ ᠪᠡᠯᠡ ᠮᠥᠩᠭᠦ ᠶᠢ | ᠪᠦᠲᠦᠮᠵᠢᠲᠡᠢ ᠪᠠᠳᠠᠷᠠᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢ ᠬᠤᠳᠠᠯᠳᠤᠨ | ᠠᠪᠬᠤ ᠪᠠ ᠰᠢᠯᠢᠨ ᠰᠣᠩᠭᠤᠬᠤ ᠡᠷᠴᠢᠮ ᠢᠶᠠᠨ ᠴᠢᠩᠭᠠᠷᠠᠭᠤᠯᠤᠨ᠂ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ | ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠢᠴᠡᠭᠡᠯ ᠦᠷ᠎ᠡ | ᠬᠤᠳᠠᠯᠳᠤᠨ ᠠᠪᠬᠤ᠂ ᠰᠢᠩᠭᠡᠨ ᠠᠽᠣᠲ ᠲᠡᠭᠡᠭᠡᠪᠦᠷᠢᠯᠡᠬᠦ᠂ ᠢᠴᠡᠭᠡᠯ ᠦᠷ᠎ᠡ ᠬᠠᠳᠠᠭᠠᠯᠠᠬᠤ ᠠᠵᠢᠯ ᠢᠶᠠᠨ ᠰᠠᠶᠢᠲᠤᠷ | ᠬᠢᠨ᠎ᠡ᠃ ᠵᠢᠯ ᠤᠨ ᠳᠣᠲᠣᠷ᠎ᠠ᠂ 60 ᠲᠦᠮᠡᠨ ᠰᠢᠷᠬᠡᠭ ᠢᠴᠡᠭᠡᠯ ᠦᠷ᠎ᠡ ᠬᠤᠳᠠᠯᠳᠤᠨ ᠠᠪᠬᠤ ᠪᠠᠷ ᠲᠥᠯᠥᠪᠯᠡᠵᠦ᠂ | ᠡᠭᠦᠨ ᠳᠤ ᠭᠠᠳᠠᠭᠠᠳᠤ ᠠᠴᠠ 30 ᠲᠦᠮᠡᠨ ᠰᠢᠷᠬᠡᠭ ᠢᠴᠡᠭᠡᠯ ᠦᠷ᠎ᠡ ᠣᠷᠣᠭᠤᠯᠵᠤ᠂ ᠤᠯᠤᠰ ᠲᠠᠭᠠᠨ 30 ᠲᠦᠮᠡ | ᠰᠢᠷᠬᠡᠭ ᠢᠴᠡᠭᠡᠯ ᠦᠷ᠎ᠡ ᠦᠢᠯᠡᠳᠪᠦᠷᠢᠯᠡᠵᠦ᠂ 50 ᠲᠦᠮᠡᠨ ᠯᠢᠲᠷ ᠰᠢᠩᠭᠡᠨ ᠠᠽᠣᠲ ᠬᠤᠳᠠᠯᠳᠤᠨ ᠠᠪᠬᠤ ᠪᠠᠷ | ᠲᠥᠯᠥᠪᠯᠡᠵᠦ ᠪᠠᠶᠢᠨ᠎ᠠ᠃ ᠬᠤᠶᠠᠷ ᠲᠤ ᠢᠴᠡᠭᠡᠯ ᠦᠷ᠎ᠡ ᠪᠠᠷ ᠬᠡᠭᠡᠯᠲᠦᠭᠦᠯᠬᠦ ᠥᠷᠲᠡᠭᠡ ᠴᠡᠭ ᠤᠨ | ᠪᠠᠶᠢᠷᠢᠯᠠᠭᠤᠯᠤᠯᠲᠠ ᠪᠠᠨ ᠰᠠᠶᠢᠲᠤᠷ ᠬᠢᠵᠦ᠂ ᠬᠠᠮᠤᠷᠬᠤ ᠬᠡᠪᠴᠢᠶ᠎ᠡ ᠪᠠᠨ ᠥᠷᠭᠡᠳᠬᠡᠨ᠂ ᠲᠣᠨᠤᠭ ᠲᠥᠬᠦᠭᠡᠷᠦᠮᠵᠢ ᠪᠠᠨ | ᠲᠡᠭᠦᠯᠳᠡᠷᠵᠢᠭᠦᠯᠵᠦ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ | ᠮᠡᠷᠭᠡᠵᠢᠯᠲᠡᠨ ᠤ ᠬᠠᠮᠢᠶᠠᠷᠤᠯᠲᠠ ᠶᠢᠨ ᠳᠦᠷᠢᠮ ᠪᠠ ᠬᠡᠭᠡᠯᠲᠦᠭᠦᠯᠭᠡ ᠶᠢᠨ ᠲᠡᠮᠳᠡᠭᠯᠡᠯ ᠤᠨ ᠳᠠᠩᠰᠠ ᠡᠪᠬᠡᠮᠡᠯ ᠢᠶᠠᠨ | ᠵᠢᠷᠤᠮᠵᠢᠭᠤᠯᠤᠨ ᠪᠦᠷᠢᠨᠰᠢᠭᠦᠯᠵᠦ᠂ ᠪᠣᠳᠠᠲᠠᠢ ᠠᠵᠢᠯᠯᠠᠭᠠᠨ ᠤ ᠬᠢᠨᠠᠨ ᠰᠢᠯᠭᠠᠯᠲᠠ ᠪᠠᠷ ᠳᠡᠮᠵᠢᠨ ︽ᠮᠢᠬᠠᠨ ᠤ | ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ︾ ᠤᠨ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠴᠢᠳᠠᠪᠤᠷᠢ ᠶᠢ | ᠨᠢ ᠦᠨᠡᠨᠬᠦ ᠳᠡᠭᠡᠭᠰᠢᠯᠡᠭᠦᠯᠦᠨ᠂ ᠬᠡᠭᠡᠯᠲᠦᠭᠦᠯᠭᠡ ᠬᠢᠯᠭᠡᠬᠦ ᠨᠣᠷᠮ᠎ᠠ ᠶᠢ ᠪᠠᠲᠤᠯᠠᠨ᠎ᠠ᠃ ᠵᠢᠯ ᠤᠨ ᠳᠣᠲᠣᠷ᠎ᠠ᠂ ᠢᠴᠡᠭᠡᠯ | ᠦᠷ᠎ᠡ ᠪᠠᠷ ᠬᠡᠭᠡᠯᠲᠦᠭᠦᠯᠭᠡ ᠬᠢᠬᠦ 1300 ᠥᠷᠲᠡᠭᠡ ᠴᠡᠭ ᠪᠠᠶᠢᠷᠢᠯᠠᠭᠤᠯᠵᠤ᠂ ᠢᠴᠡᠭᠡᠯ ᠦᠷ᠎ᠡ ᠪᠠᠷ ᠬᠡᠭᠡᠯᠲᠦᠭᠦᠯᠭᠡ | ᠬᠢᠬᠦ 1400 ᠮᠡᠷᠭᠡᠵᠢᠯᠲᠡᠨ ᠲᠣᠬᠢᠷᠠᠭᠤᠯᠤᠨ᠎ᠠ᠃ ᠭᠤᠷᠪᠠ ᠳᠤ ᠨᠡᠶᠢᠭᠡᠮᠴᠢᠯᠡᠭᠰᠡᠨ ᠦᠢᠯᠡᠴᠢᠯᠡᠭᠡ ᠪᠠᠨ ᠴᠢᠩᠭᠠᠳᠬᠠᠨ᠎ᠠ᠃ | ᠠᠪᠠᠭ᠎ᠠ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠠᠷ ᠲᠤᠷᠰᠢᠯᠲᠠ ᠶᠢᠨ ᠴᠡᠭ ᠪᠣᠯᠭᠠᠵᠤ᠂ ᠮᠢᠬᠠᠨ ᠤ | ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠵᠣᠷᠢᠭᠵᠢᠭᠤᠯᠤᠨ | ᠳᠡᠮᠵᠢᠨ᠎ᠡ᠃ ᠬᠤᠰᠢᠭᠤ ᠰᠢᠶᠠᠨ ᠨᠢ ᠢᠴᠡᠭᠡᠯ ᠦᠷ᠎ᠡ ᠶᠢᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠵᠤ᠂ ᠰᠤᠮᠤ ᠭᠠᠴᠠᠭ᠎ᠠ ᠨᠢ ᠵᠣᠬᠢᠶᠠᠨ ᠪᠠᠶᠢᠭᠤᠯᠤᠨ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠤᠨ᠎ᠠ᠃ | | ︵ᠬᠤᠶᠠᠷ︶ ᠬᠦᠪᠦᠷᠡᠯ ᠰᠢᠯᠵᠢᠭᠦᠯᠬᠦ ᠠᠵᠢᠯ ᠢ ᠵᠣᠬᠢᠬᠤ ᠬᠡᠮᠵᠢᠶ᠎ᠡ ᠪᠠᠷ ᠥᠷᠨᠢᠭᠦᠯᠦᠨ᠎ᠡ᠃ ᠮᠢᠬᠠᠨ ᠤ | ᠦᠬᠡᠷ ᠤᠨ ᠬᠥᠪᠦᠷᠡᠯ ᠰᠢᠯᠵᠢᠭᠦᠯᠬᠦ ᠮᠡᠷᠭᠡᠵᠢᠯ ᠪᠣᠯ ᠰᠢᠯᠢᠳᠡᠭ ᠡᠭᠦᠯᠳᠡᠷ ᠤᠨ ᠡᠬᠡ ᠮᠠᠯ ᠤᠨ ᠦᠷᠡᠵᠢᠯ ᠤᠨ ᠳᠠᠯᠳᠠ | ᠬᠦᠴᠦᠨ ᠢ ᠪᠠᠳᠠᠷᠠᠭᠤᠯᠬᠤ ᠪᠠᠷ ᠳᠠᠮᠵᠢᠨ᠂ ᠰᠢᠯᠢᠳᠡᠭ ᠡᠭᠦᠯᠳᠡᠷ ᠤᠨ ᠮᠠᠯ ᠰᠦᠷᠦᠭ ᠢ ᠥᠷᠭᠡᠳᠬᠡᠵᠦ᠂ ᠡᠭᠦᠯᠳᠡᠷ | ᠰᠠᠶᠢᠵᠢᠷᠠᠭᠤᠯᠬᠤ ᠶᠢ ᠲᠦᠷᠭᠡᠳᠬᠡᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠣᠨ᠎ᠠ᠃ ᠨᠥᠬᠦᠴᠡᠯ ᠪᠦᠷᠢᠯᠳᠦᠭᠦᠯᠦᠭᠰᠡᠨ | ᠭᠤᠣᠯ ᠴᠣᠭᠴᠠ ︵ᠠᠵᠤ ᠠᠬᠤᠶᠢᠯᠠᠯ ᠪᠤᠶᠤ ᠬᠤᠷᠰᠢᠶᠠᠵᠢᠯ︶ ᠨᠢ ᠬᠥᠪᠦᠷᠡᠯ ᠰᠢᠯᠵᠢᠭᠦᠯᠬᠦ ᠠᠵᠢᠯ ᠢ ᠵᠣᠬᠢᠬᠤ | ᠬᠡᠮᠵᠢᠶ᠎ᠡ ᠪᠠᠷ ᠥᠷᠨᠢᠭᠦᠯᠬᠦ ᠶᠢ ᠵᠣᠷᠢᠭᠵᠢᠭᠤᠯᠤᠨ᠎ᠠ᠃ ᠵᠢᠯ ᠤᠨ ᠳᠣᠲᠣᠷ᠎ᠠ᠂ ᠤᠯᠠᠭᠠᠢ ᠬᠠᠮᠢᠶᠠᠷᠤᠯᠲᠠ ᠶᠢᠨ ᠣᠷᠣᠨ᠂ | ᠰᠢᠯᠤᠭᠤᠨ ᠬᠥᠪᠡᠭᠡᠲᠦ ᠴᠠᠭᠠᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠰᠥᠨᠢᠳ ᠪᠠᠷᠠᠭᠤᠨ ᠬᠤᠰᠢᠭᠤ | ᠵᠡᠷᠭᠡ ᠭᠠᠵᠠᠷ ᠣᠷᠣᠨ ᠤ 1000 ᠮᠢᠬᠠᠨ ᠤ ᠦᠬᠡᠷ ᠲᠤ ᠬᠦᠪᠦᠷᠡᠯ ᠰᠢᠯᠵᠢᠭᠦᠯᠬᠦ ᠲᠤᠷᠰᠢᠯᠲᠠ ᠬᠢᠨ᠎ᠡ᠃ | ︵ᠭᠤᠷᠪᠠ︶ ᠪᠠᠶᠢᠭᠠᠯᠢᠯᠢᠭ ᠬᠡᠭᠡᠯᠲᠦᠭᠦᠯᠭᠡ ᠶᠢᠨ ᠠᠵᠢᠯ ᠢ ᠰᠠᠶᠢᠲᠤᠷ ᠠᠳᠬᠤᠨ᠎ᠠ᠃ ᠨᠢᠭᠡ ᠳᠤ ᠪᠠᠶᠢᠭᠠᠯᠢᠯᠢᠭ | ᠬᠡᠭᠡᠯᠲᠦᠭᠦᠯᠭᠡ ᠶᠢᠨ ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠠᠶᠢᠭᠠᠯᠢᠯᠢᠭ ᠬᠡᠭᠡᠯᠲᠦᠭᠦᠯᠭᠡ ᠶᠢᠨ | ᠰᠦᠷᠦᠭ ᠲᠠᠬᠢ ᠡᠬᠡ ᠮᠠᠯ ᠪᠠ ᠦᠷ᠎ᠡ ᠶᠢᠨ ᠮᠠᠯ ᠢ ᠨᠡᠶᠢᠳᠡᠮ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢᠶᠠᠨ | ᠰᠠᠶᠢᠲᠤᠷ ᠠᠳᠬᠤᠵᠤ᠂ ᠡᠭᠦᠯᠳᠡᠷ ᠤᠨ ᠴᠢᠨᠠᠷ ᠤᠨ ᠪᠠᠷᠢᠮᠵᠢᠶᠠᠨ ᠳᠤ ᠬᠦᠷᠬᠦ ᠦᠭᠡᠢ ᠦᠬᠡᠷ ᠢ ᠰᠢᠭᠰᠢᠭᠳᠡᠭᠦᠯᠦᠨ | ᠰᠢᠨᠡᠳᠬᠡᠬᠦ ᠡᠷᠴᠢᠮ ᠢᠶᠠᠨ ᠴᠢᠩᠭᠠᠷᠠᠭᠤᠯᠤᠨ᠂ ᠦᠷ᠎ᠡ ᠶᠢᠨ ᠮᠠᠯ ᠣᠷᠣᠭᠤᠯᠤᠨ ᠠᠪᠴᠢᠷᠠᠵᠤ ᠲᠣᠬᠢᠷᠠᠭᠤᠯᠬᠤ ᠠᠵᠢᠯ ᠢ | ᠰᠠᠶᠢᠲᠤᠷ ᠬᠢᠵᠦ᠂ ᠪᠠᠶᠢᠭᠠᠯᠢᠯᠢᠭ ᠬᠡᠭᠡᠯᠲᠦᠭᠦᠯᠭᠡ ᠶᠢᠨ ᠰᠦᠷᠦᠭ ᠤᠨ ᠡᠷ᠎ᠡ ᠡᠮ᠎ᠡ ᠶᠢᠨ ᠬᠠᠷᠢᠴᠠᠯ ᠢ 1᠄ 20 ᠶᠢᠨ | ᠳᠣᠲᠣᠷ᠎ᠠ ᠬᠢᠵᠠᠭᠠᠷᠯᠠᠵᠤ᠂ ᠪᠠᠶᠢᠭᠠᠯᠢᠯᠢᠭ ᠬᠡᠭᠡᠯᠲᠦᠭᠦᠯᠭᠡ ᠶᠢᠨ ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠢᠯ ᠤᠨ ᠳᠣᠲᠣᠷ᠎ᠠ᠂ 0.44 ᠲᠦᠮᠡᠨ ᠦᠷ᠎ᠡ ᠶᠢᠨ ᠮᠠᠯ ᠢ ᠰᠢᠨ᠎ᠡ ᠪᠠᠷ ᠲᠣᠬᠢᠷᠠᠭᠤᠯᠤᠨ᠎ᠠ᠃ ᠬᠤᠶᠠᠷ ᠲᠤ ᠦᠷ᠎ᠡ ᠶᠢᠨ | ᠮᠠᠯ ᠪᠣᠶᠢᠵᠢᠭᠤᠯᠬᠤ ᠡᠷᠴᠢᠮ ᠢᠶᠠᠨ ᠰᠠᠶᠢᠲᠤᠷ ᠠᠳᠬᠤᠨ᠎ᠠ᠃ ᠦᠷ᠎ᠡ ᠶᠢᠨ ᠮᠠᠯ ᠤᠨ ᠲᠠᠯᠠᠪᠠᠶ᠂ ᠭᠤᠣᠯᠳᠠᠯᠭᠠᠲᠤ | ᠰᠦᠷᠦᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ ᠡᠭᠦᠯᠳᠡᠷ ᠪᠣᠶᠢᠵᠢᠭᠤᠯᠬᠤ ᠲᠡᠷᠢᠭᠦᠨ ᠤ | ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠴᠢᠳᠠᠮᠵᠢ ᠶᠢ ᠰᠢᠯᠭᠠᠨ ᠲᠣᠭᠲᠠᠭᠠᠬᠤ᠂ ᠤᠳᠤᠮᠯᠠᠯ ᠢ | ᠦᠨᠡᠯᠡᠨ ᠵᠢᠱᠢᠬᠦ᠂ ᠵᠣᠬᠢᠬᠤ ᠬᠡᠮᠵᠢᠶ᠎ᠡ ᠪᠠᠷ ᠰᠢᠨᠡᠳᠬᠡᠬᠦ᠂ ᠰᠣᠩᠭᠤᠨ ᠦᠯᠡᠳᠡᠭᠡᠵᠦ ᠰᠢᠭᠰᠢᠭᠳᠡᠭᠦᠯᠬᠦ ᠵᠡᠷᠭᠡ | ᠭᠤᠭᠴᠣᠭᠠᠨ ᠤ ᠠᠵᠢᠯ ᠢ ᠴᠢᠩᠭ᠎ᠠ ᠬᠢᠨᠠᠮᠠᠭᠠᠢ ᠬᠢᠵᠦ᠂ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠪᠣᠶᠢᠵᠢᠭᠤᠯᠬᠤ | ᠴᠢᠳᠠᠪᠤᠷᠢ ᠪᠠᠨ ᠴᠢᠩᠭᠠᠷᠠᠭᠤᠯᠤᠨ᠂ ᠪᠠᠶᠢᠭᠠᠯᠢᠯᠢᠭ ᠬᠡᠭᠡᠯᠲᠦᠭᠦᠯᠭᠡ ᠶᠢᠨ ᠣᠷᠣᠨ ᠳᠤ ᠴᠢᠨᠠᠷ ᠰᠠᠶᠢᠲᠠᠢ ᠡᠭᠦᠯᠳᠡᠷ ᠤᠨ | ᠢᠷᠡᠯᠲᠡ ᠬᠠᠩᠭᠠᠨ᠎ᠠ᠃ ᠵᠢᠯ ᠤᠨ ᠳᠣᠲᠣᠷ᠎ᠠ᠂ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠢ 0.6 ᠲᠦᠮᠡ ᠠᠴᠠ | ᠳᠡᠭᠡᠭᠰᠢ ᠪᠣᠶᠢᠵᠢᠭᠤᠯᠤᠨ᠎ᠠ᠃ ᠭᠤᠷᠪᠠ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠡᠭᠦᠯᠳᠡᠷ ᠰᠠᠶᠢᠵᠢᠷᠠᠭᠤᠯᠬᠤ | ᠵᠢᠱᠢᠶ᠎ᠡ ᠦᠵᠡᠭᠦᠯᠵᠦ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠨᠡᠶᠢᠲᠡᠯᠢᠭ ᠵᠢᠱᠢᠶ᠎ᠡ ᠪᠠᠷ ᠲᠣᠭᠤᠷᠢᠨ ᠦᠵᠡᠬᠦ᠂ | ᠮᠡᠷᠭᠡᠵᠢᠯ ᠤᠨ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠠᠪᠴᠠᠯ ᠠᠪᠴᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ | ᠡᠭᠦᠯᠳᠡᠷ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠢᠳᠡᠪᠬᠢᠲᠡᠢ ᠪᠠᠷ ᠤᠬᠠᠭᠤᠯᠤᠨ᠂ ᠪᠠᠶᠢᠭᠠᠯᠢᠯᠢᠭ | ᠬᠡᠭᠡᠯᠲᠦᠭᠦᠯᠭᠡ ᠶᠢᠨ ᠣᠷᠣᠨ ᠤ ᠲᠡᠵᠢᠭᠡᠨ ᠦᠷᠡᠵᠢᠭᠦᠯᠬᠦ ᠡᠷᠦᠬᠡ ᠶᠢᠨ ᠦᠵᠡᠯ ᠰᠠᠨᠠᠭ᠎ᠠ ᠣᠶᠢᠯᠠᠭᠠᠭᠳᠠᠬᠤᠨ᠂ ᠲᠡᠵᠢᠭᠡᠨ | ᠦᠷᠡᠵᠢᠭᠦᠯᠬᠦ ᠵᠠᠭᠪᠤᠷ ᠪᠠ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ | ᠬᠤᠪᠢᠷᠠᠭᠤᠯᠤᠨ᠎ᠠ᠃ ᠵᠢᠯ ᠤᠨ ᠳᠣᠲᠣᠷ᠎ᠠ᠂ ᠲᠧᠯᠸᠢᠰ ᠬᠤᠷᠢᠶ᠎ᠠ᠂ ᠰᠣᠨᠢᠨ ᠤ ᠬᠤᠷᠢᠶ᠎ᠠ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠲᠠᠢ ᠬᠠᠮᠲᠤᠷᠠᠯᠴᠠᠵᠤ᠂ ᠮᠠᠯ ᠰᠦᠷᠦᠭ ᠢ ᠲᠡᠵᠢᠭᠡᠨ ᠦᠷᠡᠵᠢᠭᠦᠯᠬᠦ᠂ ᠮᠠᠯ ᠠᠵᠤ ᠠᠬᠤᠢ ᠶᠢᠨ | ᠮᠡᠷᠭᠡᠵᠢᠯ ᠤᠨ ᠤᠬᠠᠭᠤᠯᠭ᠎ᠠ ᠶᠢᠨ ᠫᠷᠣᠭ᠍ᠷᠠᠮ ᠢ 45 ᠬᠤᠭᠤᠴᠠᠭ᠎ᠠ ᠥᠷᠨᠢᠭᠦᠯᠦᠨ᠎ᠡ᠃ | ︵ᠳᠥᠷᠪᠡ︶ ᠮᠢᠬᠠᠨ ᠤ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠢᠭᠡ ᠳᠤ ᠦᠷ᠎ᠡ ᠶᠢᠨ ᠮᠠᠯ ᠤᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ᠤᠯᠠᠭᠠᠢ ᠶᠢᠨ ᠬᠤᠸᠠᠰᠢ ᠦᠬᠡᠷ ᠤᠨ ᠦᠷ᠎ᠡ ᠶᠢᠨ ᠮᠠᠯ ᠤᠨ ᠥᠷᠲᠡᠭᠡ ᠪᠣᠯᠣᠨ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ | ᠪᠣᠶᠢᠵᠢᠭᠤᠯᠬᠤ ᠭᠤᠣᠯ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠸᠠᠰᠢ ᠦᠬᠡᠷ᠂ | ᠰᠢᠮᠧᠨ᠋ᠲ᠋ᠠᠷ ᠦᠬᠡᠷ ᠤᠨ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠢ ᠪᠣᠶᠢᠵᠢᠭᠤᠯᠵᠤ᠂ ᠰᠢᠯᠢᠳᠡᠭ ᠡᠭᠦᠯᠳᠡᠷ ᠤᠨ | ᠢᠴᠡᠭᠡᠯ ᠦᠷ᠎ᠡ ᠶᠢ ᠦᠢᠯᠡᠳᠪᠦᠷᠢᠯᠡᠨ ᠳᠡᠯᠭᠡᠷᠡᠭᠦᠯᠵᠦ᠂ ᠰᠢᠯᠢᠳᠡᠭ ᠡᠭᠦᠯᠳᠡᠷ ᠤᠨ ᠭᠧᠨ ᠤ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠦᠨ᠂ ᠲᠦᠭᠡᠮᠡᠯᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠬᠤᠶᠠᠷ ᠲᠤ ᠣᠲᠣ ᠶᠢᠨ ᠪᠠᠶᠢᠭ᠎ᠠ | ᠭᠤᠣᠯᠳᠠᠯᠭᠠᠲᠤ ᠰᠦᠷᠦᠭ ᠢ ᠪᠠᠲᠤᠳᠬᠠᠭᠰᠠᠨ ᠰᠠᠭᠤᠷᠢᠨ ᠳᠡᠭᠡᠷ᠎ᠡ᠂ ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ | ᠡᠷᠦᠬᠡ ᠶᠢᠨ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠭᠤᠣᠯᠳᠠᠯᠭᠠᠲᠤ ᠰᠦᠷᠦᠭ ᠲᠤ ᠡᠭᠦᠯᠳᠡᠷ | ᠪᠣᠶᠢᠵᠢᠭᠤᠯᠵᠤ ᠦᠷᠡᠵᠢᠭᠦᠯᠦᠨ ᠥᠰᠬᠡᠬᠦ ᠮᠡᠷᠭᠡᠵᠢᠯ ᠤᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠮᠢᠬᠠᠨ ᠤ ᠦᠬᠡᠷ ᠤᠨ | ᠤᠳᠤᠮᠯᠠᠯ ᠤᠨ ᠠᠬᠢᠴᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ ᠳᠤ ᠦᠷ᠎ᠡ ᠶᠢᠨ ᠮᠠᠯ ᠤᠨ ᠲᠠᠯᠠᠪᠠᠶ ᠶᠢ | ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠵᠢᠷᠤᠮᠵᠢᠭᠤᠯᠤᠨ ᠦᠢᠯᠡᠳᠪᠦᠷᠢᠯᠡᠬᠦ ᠶᠢ ᠤᠯᠠᠮ ᠴᠢᠩᠭᠠᠷᠠᠭᠤᠯᠵᠤ᠂ | ᠲᠡᠵᠢᠭᠡᠨ ᠮᠠᠯᠵᠢᠬᠤ ᠬᠠᠮᠢᠶᠠᠷᠤᠯᠲᠠ᠂ ᠡᠭᠦᠯᠳᠡᠷ ᠪᠣᠶᠢᠵᠢᠭᠤᠯᠬᠤ ᠲᠥᠯᠥᠪᠯᠡᠭᠡ᠂ ᠬᠢᠵᠢᠭ ᠭᠡᠮ ᠢ ᠰᠡᠷᠭᠡᠶᠢᠯᠡᠨ ᠵᠠᠰᠠᠬᠤ | ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠳᠠᠮᠵᠢ ᠶᠢ ᠬᠡᠮᠵᠢᠨ ᠲᠣᠭᠲᠠᠭᠠᠬᠤ ᠪᠠᠨ ᠴᠢᠩᠭᠠᠳᠬᠠᠨ᠂ | ᠰᠣᠩᠭᠤᠨ ᠦᠯᠡᠳᠡᠭᠡᠬᠦ᠂ ᠤᠳᠤᠮᠯᠠᠯ ᠢ ᠦᠨᠡᠯᠡᠨ ᠵᠢᠱᠢᠬᠦ᠂ ᠵᠣᠬᠢᠬᠤ ᠬᠡᠮᠵᠢᠶ᠎ᠡ ᠪᠠᠷ ᠰᠢᠨᠡᠳᠬᠡᠬᠦ ᠵᠡᠷᠭᠡ ᠡᠯ᠎ᠡ | ᠵᠠᠩᠭᠢᠯᠠᠭ᠎ᠠ ᠶᠢ ᠴᠢᠩᠳᠠᠯᠠᠵᠤ᠂ ᠦᠷ᠎ᠡ ᠶᠢᠨ ᠮᠠᠯ ᠤᠨ ᠲᠠᠯᠠᠪᠠᠶ ᠶᠢᠨ ᠪᠦᠬᠦᠯᠢ ᠴᠣᠭᠴᠠ ᠶᠢᠨ ᠦᠢᠯᠡᠳᠪᠦᠷᠢᠯᠡᠯ ᠤᠨ ᠬᠢᠷᠢ | ᠲᠦᠪᠰᠢᠨ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ ᠤᠯᠠᠭᠠᠢ ᠶᠢᠨ ᠬᠤᠸᠠᠰᠢ | ᠦᠬᠡᠷ ᠤᠨ ᠦᠷ᠎ᠡ ᠶᠢᠨ ᠮᠠᠯ ᠤᠨ ᠥᠷᠲᠡᠭᠡ ᠪᠣᠯᠣᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠯᠢᠳᠡᠭ | ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ ᠭᠤᠣᠯ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ᠂ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠢ ᠲᠣᠰ | ᠲᠣᠰ 50 ᠲᠣᠯᠣᠭᠠᠢ ᠪᠠ 40 ᠲᠣᠯᠣᠭᠠᠢ ᠳᠤ ᠬᠦᠷᠭᠡᠵᠦ᠂ ᠦᠢᠯᠡᠳᠪᠦᠷᠢᠯᠡᠵᠦ ᠡᠵᠡᠩᠨᠡᠬᠦ ᠪᠠ ᠦᠷ᠎ᠡ ᠠᠪᠬᠤ | ᠨᠥᠬᠦᠴᠡᠯ ᠳᠤ ᠬᠦᠷᠦᠭᠦᠯᠦᠨ᠎ᠡ︔ ᠦᠷ᠎ᠡ ᠶᠢᠨ ᠮᠠᠯ ᠤᠨ ᠲᠠᠯᠠᠪᠠᠢ ᠶᠢ ᠰᠢᠨ᠎ᠡ ᠪᠠᠷ 3 ᠪᠠᠶᠢᠭᠤᠯᠵᠤ ᠨᠡᠶᠢᠲᠡ 30 ᠳᠤ | ᠬᠦᠷᠦᠭᠦᠯᠦᠨ᠎ᠡ︔ 30 ᠭᠤᠣᠯᠳᠠᠯᠭᠠᠲᠤ ᠰᠦᠷᠦᠭ ᠢ ᠰᠢᠨ᠎ᠡ ᠪᠠᠷ ᠪᠠᠶᠢᠭᠤᠯᠵᠤ᠂ ᠨᠡᠶᠢᠲᠡ 445 ᠰᠦᠷᠦᠭ ᠲᠤ | ᠬᠦᠷᠦᠭᠦᠯᠦᠨ᠎ᠡ︔ | ︵ᠲᠠᠪᠤ︶ ᠬᠤᠸᠠᠰᠢ ᠦᠬᠡᠷ ᠢ ᠬᠢᠨᠠᠨ ᠲᠣᠭᠲᠠᠭᠠᠬᠤ ᠠᠵᠢᠯ ᠢᠶᠠᠨ ᠦᠷᠭᠦᠯᠵᠢᠯᠡᠨ ᠥᠷᠨᠢᠭᠦᠯᠦᠨ᠎ᠡ᠃ ᠬᠤᠸᠠᠰᠢ | ᠦᠬᠡᠷ ᠤᠨ ᠰᠦᠷᠦᠭ ᠢ ᠥᠷᠭᠡᠳᠬᠡᠨ ᠦᠷᠡᠵᠢᠭᠦᠯᠦᠨ ᠪᠣᠶᠢᠵᠢᠭᠤᠯᠬᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠪᠡᠭᠡᠵᠢᠩ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠯᠤᠭ᠎ᠠ ᠶᠢᠨ ᠬᠤᠸᠠᠰᠢ ᠦᠬᠡᠷ ᠤᠨ | ᠰᠦᠷᠦᠭ ᠢ ᠥᠷᠭᠡᠳᠬᠡᠨ ᠦᠷᠡᠵᠢᠭᠦᠯᠦᠨ ᠪᠣᠶᠢᠵᠢᠭᠤᠯᠬᠤ ᠠᠵᠢᠯ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠤᠯᠤᠰ ᠤᠨ ᠮᠢᠬᠠᠨ ᠤ ᠦᠬᠡᠷ ᠤᠨ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ︽ᠲᠠᠯ᠎ᠠ ᠨᠤᠲᠤᠭ ᠤᠨ | ᠬᠤᠸᠠᠰᠢ ᠦᠬᠡᠷ ᠤᠨ ᠡᠭᠦᠯᠳᠡᠷ ᠪᠣᠶᠢᠵᠢᠭᠤᠯᠬᠤ ᠰᠦᠷᠦᠭ ᠢ ᠥᠷᠭᠡᠳᠬᠡᠬᠦ︾ ᠲᠥᠷᠥᠯ ᠵᠦᠢᠯ ᠢ ᠦᠷᠭᠦᠯᠵᠢᠯᠡᠨ | ᠬᠡᠷᠡᠭᠵᠢᠭᠦᠯᠵᠦ᠂ ᠡᠭᠦᠯᠳᠡᠷ ᠪᠣᠶᠢᠵᠢᠭᠤᠯᠬᠤ ᠲᠥᠰᠥᠯ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠢᠵᠢ | ᠪᠦᠷᠢᠳᠦᠭᠦᠯᠬᠦ ᠰᠡᠳᠦᠪ ᠤᠨ ᠰᠤᠳᠤᠯᠭᠠᠨ ᠢ ᠪᠥᠬᠦ ᠲᠠᠯ᠎ᠠ ᠪᠠᠷ ᠥᠷᠨᠢᠭᠦᠯᠵᠦ᠂ ᠡᠭᠦᠯᠳᠡᠷ ᠪᠣᠶᠢᠵᠢᠭᠤᠯᠬᠤ ᠵᠢᠷᠤᠮᠵᠢᠭᠰᠠᠨ | ᠲᠠᠩᠰᠠ ᠡᠪᠬᠡᠮᠡᠯ ᠤᠨ ᠮᠠᠲ᠋ᠧᠷᠢᠶᠠᠯ ᠪᠠᠶᠢᠭᠤᠯᠵᠤ᠂ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢᠨ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠴᠢᠩᠭᠠᠳᠬᠠᠨ᠎ᠠ᠃ ᠵᠢᠯ ᠤᠨ ᠳᠣᠲᠣᠷ᠎ᠠ᠂ ᠬᠤᠸᠠᠰᠢ ᠦᠬᠡᠷ ᠤᠨ ᠡᠭᠦᠯᠳᠡᠷ | ᠪᠣᠶᠢᠵᠢᠭᠤᠯᠬᠤ ᠰᠦᠷᠦᠭ ᠢ 0.3 ᠲᠦᠮᠡ ᠬᠢᠨᠠᠨ ᠲᠣᠭᠲᠠᠭᠠᠵᠤ᠂ ᠡᠭᠦᠯᠳᠡᠷ ᠪᠣᠶᠢᠵᠢᠭᠤᠯᠬᠤ ᠰᠦᠷᠦᠭ ᠤᠨ ᠲᠤᠭ᠎ᠠ | ᠲᠣᠯᠣᠭᠠᠢ ᠶᠢ ᠨᠡᠶᠢᠲᠡ 1.8 ᠲᠦᠮᠡ ᠳᠤ ᠬᠦᠷᠭᠡᠵᠦ᠂ ᠰᠢᠨᠵᠢ ᠣᠨᠴᠠᠯᠢᠭ ᠤᠨ ᠲᠤᠭ᠎ᠠ ᠪᠠᠷᠢᠮᠲᠠ ᠶᠢ 1.5 ᠲᠦᠮᠡᠨ | ᠵᠤᠷᠪᠤᠰ ᠴᠤᠭᠯᠠᠭᠤᠯᠬᠤ ᠪᠠᠷ ᠲᠥᠯᠥᠪᠯᠡᠵᠦ ᠪᠣᠶ᠃ | ︵ᠵᠢᠷᠭᠤᠭ᠎ᠠ︶ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ ᠲᠣᠭᠲᠠᠭᠠᠬᠤ ᠠᠵᠢᠯ ᠢᠶᠠᠨ ᠰᠠᠶᠢᠲᠤᠷ ᠬᠢᠨ᠎ᠡ ᠃ | ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ᠂ ᠬᠤᠸᠠᠰᠢ ᠦᠬᠡᠷ ᠤᠨ ᠡᠭᠦᠯᠳᠡᠷ ᠪᠣᠶᠢᠵᠢᠭᠤᠯᠬᠤ ᠰᠦᠷᠦᠭ᠂ | ᠦᠷ᠎ᠡ ᠶᠢᠨ ᠮᠠᠯ ᠤᠨ ᠲᠠᠯᠠᠪᠠᠶ ᠶᠢᠨ ᠴᠢᠳᠠᠪᠬᠢ ᠶᠢ ᠬᠡᠮᠵᠢᠨ ᠲᠣᠭᠲᠠᠭᠠᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ | ᠤᠤᠯ ᠤᠨ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠶᠢᠨ ᠰᠠᠭᠤᠷᠢᠨ ᠳᠡᠭᠡᠷ᠎ᠡ᠂ ᠮᠢᠬᠠᠨ ᠤ ᠦᠬᠡᠷ ᠤᠨ | ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠴᠢᠳᠠᠪᠬᠢ ᠶᠢ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠪᠠᠨ ᠰᠢᠨᠡᠳᠬᠡᠨ ᠣᠷᠣᠭᠤᠯᠵᠤ᠂ ᠥᠰᠦᠯᠲᠡ | ᠪᠤᠶᠢᠵᠢᠯᠲᠠ ᠶᠢᠨ ᠰᠢᠨᠵᠢ ᠪᠠᠶᠢᠳᠠᠯ ᠤᠨ ᠲᠤᠭ᠎ᠠ ᠪᠠᠷᠢᠮᠲᠠ ᠶᠢᠨ ᠣᠷᠳᠣ ᠬᠤᠭᠤᠴᠠᠭᠠᠲᠤ ᠴᠢᠨᠠᠷ ᠪᠠ ᠦᠷᠭᠦᠯᠵᠢᠯᠡᠬᠦ | ᠴᠢᠨᠠᠷ ᠢ ᠦᠨᠡᠨᠬᠦ ᠪᠠᠲᠤᠯᠠᠵᠤ᠂ ᠡᠭᠦᠯᠳᠡᠷ ᠰᠣᠩᠭᠤᠬᠤ᠂ ᠦᠷ᠎ᠡ ᠦᠯᠡᠳᠡᠭᠡᠬᠦ ᠳᠤ ᠦᠨᠳᠦᠰᠦᠯᠡᠯ ᠬᠠᠩᠭᠠᠨ᠎ᠠ᠃ ᠵᠢᠯ ᠤᠨ | ᠳᠣᠲᠣᠷ᠎ᠠ᠂ 0.8 ᠲᠦᠮᠡᠨ ᠲᠣᠯᠣᠭᠠᠢ ᠮᠢᠬᠠᠨ ᠤ ᠦᠬᠡᠷ ᠤᠨ ᠴᠢᠳᠠᠪᠬᠢ ᠶᠢ ᠬᠡᠮᠵᠢᠨ ᠲᠣᠭᠲᠠᠭᠠᠨ᠎ᠠ᠃ | ︵ᠳᠣᠯᠤᠭ᠎ᠠ︶ ᠮᠢᠬᠠᠨ ᠤ ᠦᠬᠡᠷ ᠲᠡᠵᠢᠭᠡᠨ ᠮᠠᠯᠵᠢᠬᠤ ᠬᠠᠮᠢᠶᠠᠷᠤᠯᠲᠠ ᠪᠠᠨ ᠴᠢᠩᠭᠠᠳᠬᠠᠨ᠎ᠠ᠃ ᠰᠢᠨᠵᠢᠯᠡᠬᠦ | ᠤᠬᠠᠭᠠᠨᠴᠢ ᠪᠠᠷ ᠲᠡᠵᠢᠭᠡᠨ ᠮᠠᠯᠵᠢᠬᠤ ᠪᠣᠯ ᠮᠢᠬᠠᠨ ᠤ ᠦᠬᠡᠷ ᠤᠨ ᠦᠷᠡᠵᠢᠯᠲᠡ ᠤᠨᠳᠤᠷᠤᠯᠲᠠ ᠶᠢᠨ ᠨᠣᠷᠮ᠎ᠠ ᠶᠢ | ᠳᠡᠭᠡᠭᠰᠢᠯᠡᠭᠦᠯᠬᠦ ᠶᠢᠨ ᠵᠠᠩᠭᠢᠯᠠᠭ᠎ᠠ ᠂ ᠦᠢᠯᠡᠳᠪᠦᠷᠢᠯᠡᠯ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ | ᠪᠦᠲᠦᠮᠵᠢᠲᠡᠶ ᠠᠷᠭ᠎ᠠ ᠵᠠᠮ ᠮᠥᠨ᠃ ᠲᠤᠰᠬᠠᠢ ᠰᠡᠳᠦᠪᠲᠦ ᠤᠬᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ᠂ ᠨᠡᠶᠢᠲᠡᠯᠢᠭ | ᠵᠢᠱᠢᠶ᠎ᠡ ᠪᠠᠷ ᠬᠥᠲᠥᠯᠥᠨ ᠵᠢᠯᠤᠭᠤᠳᠬᠤ ᠵᠡᠷᠭᠡ ᠠᠷᠭ᠎ᠠ ᠠᠪᠴᠠᠯ ᠢᠶᠠᠷ ᠳᠠᠮᠵᠢᠭᠤᠯᠤᠨ᠂ ᠮᠢᠬᠠᠨ ᠤ ᠦᠬᠡᠷ ᠤᠨ | ᠰᠢᠨᠵᠢᠯᠡᠬᠦ ᠤᠬᠠᠭᠠᠨᠴᠢᠯᠠᠭᠰᠠᠨ ᠲᠡᠵᠢᠭᠡᠨ ᠮᠠᠯᠵᠢᠬᠤ ᠬᠠᠮᠢᠶᠠᠷᠤᠯᠲᠠ ᠶᠢᠨ ᠣᠨᠣᠯᠵᠢᠬᠤᠨ ᠢ ᠠᠯᠬᠤᠮ ᠠᠯᠬᠤᠮ ᠢᠶᠠᠷ | ᠬᠤᠪᠢᠷᠠᠭᠤᠯᠵᠤ᠂ TMR ︵ᠲᠡᠵᠢᠭᠡᠯ ᠪᠣᠷᠳᠤᠭ᠎ᠠ ᠶᠢ ᠬᠤᠯᠢᠯᠳᠤᠭᠤᠯᠤᠨ ᠲᠡᠵᠢᠭᠡᠬᠦ︶ ᠮᠡᠷᠭᠡᠵᠢᠯ᠂ ᠲᠡᠵᠢᠭᠡᠯ ᠡᠪᠡᠰᠦ | ᠪᠣᠷᠳᠤᠭ᠎ᠠ ᠨᠠᠶᠢᠷᠠᠭᠤᠯᠬᠤ ᠵᠡᠷᠭᠡ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠮᠡᠷᠭᠡᠵᠢᠯ ᠢ | ᠢᠳᠡᠪᠬᠢᠲᠡᠢ ᠪᠠᠷ ᠳᠡᠯᠭᠡᠷᠡᠭᠦᠯᠦᠨ᠂ ᠣᠳᠣᠬᠢᠴᠢᠯᠠᠭᠰᠠᠨ ᠲᠥᠬᠦᠭᠡᠷᠦᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ | ᠠᠬᠢᠭᠤᠯᠤᠨ᠎ᠠ᠃ ᠵᠢᠯ ᠤᠨ ᠳᠣᠲᠣᠷ᠎ᠠ᠂ ᠲᠡᠵᠢᠭᠡᠨ ᠮᠠᠯᠵᠢᠬᠤ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ 100 | ᠡᠷᠦᠬᠡ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠠᠢᠮᠠ︶ ᠦᠬᠡᠷ ᠤᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠢᠭᠡ ᠳᠤ | ᠰᠥᠨᠢᠳ ᠵᠡᠭᠦᠨ ᠬᠤᠰᠢᠭᠤ ᠪᠠᠷ ᠭᠤᠣᠯᠯᠠᠭᠤᠯᠤᠨ᠂ ᠮᠣᠩᠭᠤᠯ ᠦᠬᠡᠷ ᠤᠨ ᠭᠤᠣᠯᠳᠠᠯᠭᠠᠲᠤ ᠰᠦᠷᠦᠭ ᠢ ᠰᠢᠨ᠎ᠡ ᠪᠠᠷ | ᠪᠠᠶᠢᠭᠤᠯᠵᠤ᠂ ᠰᠢᠯᠢᠳᠡᠭ ᠡᠭᠦᠯᠳᠡᠷ ᠤᠨ ᠮᠣᠩᠭᠤᠯ ᠦᠬᠡᠷ ᠤᠨ ᠰᠦᠷᠦᠭ ᠤᠨ ᠬᠡᠪᠴᠢᠶ᠎ᠡ ᠶᠢ ᠨᠡᠮᠡᠭᠳᠡᠭᠦᠯᠦᠨ᠂ ᠣᠷᠣᠨ | ᠨᠤᠲᠤᠭ ᠲᠤᠨᠢ ᠡᠭᠦᠯᠳᠡᠷ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠡᠭᠦᠯᠳᠡᠷ ᠬᠠᠮᠠᠭᠠᠯᠠᠬᠤ ᠲᠥᠷᠥᠯ ᠵᠦᠢᠯ ᠲᠠᠢ ᠤᠶᠠᠯᠳᠤᠭᠤᠯᠤᠨ᠂ ᠮᠣᠩᠭᠤᠯ ᠦᠬᠡᠷ ᠤᠨ ᠢᠴᠡᠭᠡᠯ | ᠦᠷ᠎ᠡ᠂ ᠬᠦᠪᠦᠷᠡᠯ ᠬᠠᠳᠠᠭᠠᠯᠠᠬᠤ ᠠᠵᠢᠯ ᠢ ᠶᠡᠬᠡᠪᠡᠷ ᠥᠷᠨᠢᠭᠦᠯᠵᠦ᠂ ᠪᠡᠶ᠎ᠡ ᠠᠴᠠ ᠨᠢ ᠰᠠᠯᠭᠠᠵᠤ ᠬᠠᠮᠠᠭᠠᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ ︽ᠦᠵᠦᠮᠦᠴᠢᠨ ᠱᠠᠷᠦ᠋ᠯᠠᠢ ᠦᠬᠡᠷ︾ ᠢ ᠦᠷᠭᠦᠯᠵᠢᠯᠡᠨ ᠰᠣᠩᠭᠤᠨ | ᠪᠣᠶᠢᠵᠢᠭᠤᠯᠬᠤ ᠶᠢ ᠴᠢᠩᠭᠠᠳᠬᠠᠵᠤ᠂ ︽ᠠᠩᠭᠢᠰ ᠦᠬᠡᠷ︾ ᠢ ᠨᠤᠲᠤᠭᠰᠢᠭᠤᠯᠤᠨ ᠳᠠᠰᠬᠠᠬᠤ ᠡᠷᠴᠢᠮ ᠢᠶᠠᠨ | ᠴᠢᠩᠭᠠᠷᠠᠭᠤᠯᠵᠤ᠂ ᠡᠭᠦᠯᠳᠡᠷ ᠤᠨ ᠤᠤᠯ ᠤᠨ ᠰᠢᠨᠵᠢ ᠴᠢᠨᠠᠷ᠂ ᠣᠨᠴᠠᠯᠢᠭ ᠢ ᠪᠠᠲᠤᠯᠠᠨ᠂ ᠦᠷ᠎ᠡ ᠶᠢᠨ ᠴᠢᠨᠠᠷ ᠤᠨ | ᠣᠨᠴᠠᠯᠢᠭ ᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠵᠢᠯ ᠤᠨ ᠳᠣᠲᠣᠷ᠎ᠠ᠂ ᠮᠣᠩᠭᠤᠯ ᠦᠬᠡᠷ ᠤᠨ | ᠭᠤᠣᠯᠳᠠᠯᠭᠠᠲᠤ ᠰᠦᠷᠦᠭ 2 ᠢ ᠪᠠᠶᠢᠭᠤᠯᠵᠤ᠂ 0.05 ᠲᠦᠮᠡᠨ ᠲᠣᠯᠣᠭᠠᠢ ᠠᠩᠭᠢᠰ ᠦᠬᠡᠷ ᠤᠨ ᠴᠢᠳᠠᠪᠬᠢ ᠶᠢ | ᠬᠡᠮᠵᠢᠨ ᠲᠣᠭᠲᠠᠭᠠᠨ᠎ᠠ᠃ | ︵ᠶᠢᠰᠦ︶ ᠮᠡᠷᠭᠡᠵᠢᠯ ᠤᠨ ᠪᠣᠯᠪᠠᠰᠤᠷᠠᠭᠤᠯᠤᠯ ᠪᠠ ᠦᠢᠯᠡᠴᠢᠯᠡᠭᠡ ᠪᠠᠨ ᠴᠢᠩᠭᠠᠷᠠᠭᠤᠯᠤᠨ᠎ᠠ᠃ ᠮᠢᠬᠠᠨ ᠤ | ᠦᠬᠡᠷ ᠤᠨ ᠡᠭᠦᠯᠳᠡᠷ ᠪᠣᠶᠢᠵᠢᠭᠤᠯᠬᠤ᠂ ᠲᠡᠵᠢᠭᠡᠨ ᠮᠠᠯᠵᠢᠬᠤ ᠬᠠᠮᠢᠶᠠᠷᠤᠯᠲᠠ᠂ ᠫᠧᠩ ᠬᠤᠷᠣᠭᠠᠨ ᠤ ᠪᠦᠲᠦᠭᠡᠨ | ᠪᠠᠶᠢᠭᠤᠯᠤᠯᠲᠠ᠂ ᠰᠢᠮ᠎ᠡ ᠲᠡᠵᠢᠭᠡᠯ ᠬᠢᠭᠡᠳ ᠲᠡᠵᠢᠭᠡᠯ ᠡᠪᠡᠰᠦ ᠪᠣᠷᠳᠤᠭ᠎ᠠ ᠨᠠᠶᠢᠷᠠᠭᠤᠯᠬᠤ᠂ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠵᠡᠷᠭᠡ ᠮᠡᠷᠭᠡᠵᠢᠯ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ᠂ | ᠮᠠᠯ ᠠᠵᠤ ᠠᠬᠤᠢ ᠶᠢᠨ ᠦᠢᠯᠡᠰ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠯᠤᠭ᠎ᠠ ᠬᠠᠮᠲᠤᠷᠠᠨ ᠪᠣᠯᠪᠠᠰᠤᠷᠠᠭᠤᠯᠤᠯ | ᠬᠢᠬᠦ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ | ᠪᠣᠯᠪᠠᠰᠤᠷᠠᠭᠤᠯᠤᠯ ᠤᠨ ᠵᠠᠭᠪᠤᠷ ᠤᠨ ᠰᠢᠨ᠎ᠡ ᠶᠢ ᠡᠭᠦᠳᠴᠦ᠂ ᠪᠣᠯᠪᠠᠰᠤᠷᠠᠭᠤᠯᠤᠯ ᠤᠨ ᠠᠭᠤᠯᠭ᠎ᠠ ᠶᠢᠨ ᠬᠡᠷᠡᠭᠯᠡᠭᠡᠨ ᠤ | ᠴᠢᠨᠠᠷ᠂ ᠬᠢᠯᠪᠠᠷ ᠣᠶᠢᠯᠠᠭᠠᠬᠤ ᠴᠢᠨᠠᠷ ᠢ ᠳᠡᠭᠡᠭᠰᠢᠯᠡᠭᠦᠯᠦᠨ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢᠲᠦ | ᠴᠢᠨᠠᠷ ᠪᠠ ᠠᠰᠢᠭᠲᠤ ᠴᠢᠨᠠᠷ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ 2500 ᠬᠥᠮᠥᠨ ᠤᠳᠠᠭᠠᠨ ᠤ | ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠡᠷᠭᠢᠯᠡᠨ᠎ᠡ᠃ | ᠵᠢᠷᠭᠤᠭ᠎ᠠ᠂ ᠠᠬᠢᠴᠠ ᠶᠢᠨ ᠲᠣᠬᠢᠷᠠᠭᠤᠯᠤᠯᠲᠠ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠬᠦ ᠱᠠᠲᠤ ᠦᠶ᠎ᠡ ︵3 ᠳ᠋ᠤᠭᠠᠷ ᠰᠠᠷ᠎ᠠ ᠶᠢᠨ 1 ᠤ ᠡᠳᠦᠷ ᠠᠴᠠ 4 | ᠳ᠋ᠦ᠋ᠭᠡᠷ ᠰᠠᠷ᠎ᠠ ᠶᠢᠨ 30 ᠤ ᠡᠳᠦᠷ ᠬᠦᠷᠲᠡᠯ᠎ᠡ︶᠃ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠡᠭᠦᠷᠭᠡ | ᠬᠠᠷᠠᠯᠲᠠ ᠪᠠᠨ ᠲᠣᠬᠢᠷᠠᠭᠤᠯᠤᠨ ᠪᠠᠶᠢᠷᠢᠯᠠᠭᠤᠯᠤᠨ᠎ᠠ︔ ᠡᠬᠡ ᠮᠠᠯ ᠪᠠ ᠦᠷ᠎ᠡ ᠶᠢᠨ ᠮᠠᠯ ᠢ ᠨᠡᠶᠢᠳᠡᠮ ᠪᠠᠶᠢᠴᠠᠭᠠᠵᠤ ᠬᠢᠨᠠᠨ | ᠲᠣᠭᠲᠠᠭᠠᠬᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠣᠷᠣᠨ ︵ᠡᠷᠦᠬᠡ︶ ᠤ ᠦᠷ᠎ᠡ ᠶᠢᠨ ᠮᠠᠯ ᠢ ᠰᠦᠷᠦᠭ | ᠰᠢᠯᠢᠬᠦ ᠪᠠ ᠬᠠᠮᠢᠶᠠᠷᠬᠤ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠪᠠ ᠮᠡᠷᠭᠡᠵᠢᠯᠲᠡᠨ ᠢ | ᠨᠠᠶᠢᠳᠠᠪᠤᠷᠢᠵᠢᠭᠤᠯᠬᠤ ᠵᠡᠷᠭᠡ ᠠᠵᠢᠯ ᠢ ᠥᠷᠨᠢᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ ᠦᠶ᠎ᠡ ︵5 ᠳ᠋ᠤᠭᠠᠷ ᠰᠠᠷ᠎ᠠ ᠶᠢᠨ 1 ᠤ ᠡᠳᠦᠷ ᠠᠴᠠ 9 | ᠳ᠋ᠦ᠋ᠭᠡᠷ ᠰᠠᠷ᠎ᠠ ᠶᠢᠨ 30 ᠤ ᠡᠳᠦᠷ ᠬᠦᠷᠲᠡᠯ᠎ᠡ︶᠃ ᠢᠴᠡᠭᠡᠯ ᠦᠷ᠎ᠡ ᠶᠢᠨ ᠬᠡᠭᠡᠯᠲᠦᠭᠦᠯᠭᠡ᠂ ᠦᠷ᠎ᠡ ᠶᠢᠨ ᠮᠠᠯ ᠤᠨ | ᠲᠠᠯᠠᠪᠠᠶ ︵ᠭᠤᠣᠯᠳᠠᠯᠭᠠᠲᠤ ᠰᠦᠷᠦᠭ︶ ᠶᠢ ᠰᠢᠯᠭᠠᠨ ᠠᠪᠬᠤ᠂ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ | ᠲᠣᠭᠲᠠᠭᠠᠬᠤ᠂ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠬᠦ ᠶᠢᠨ ᠬᠠᠮᠲᠤ ᠮᠡᠷᠭᠡᠵᠢᠯ ᠤᠨ ᠪᠣᠯᠪᠠᠰᠤᠷᠠᠭᠤᠯᠤᠯ ᠪᠠ | ᠡᠯ᠎ᠡ ᠲᠥᠷᠥᠯ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠡᠷᠬᠢᠯᠡᠨ᠎ᠠ᠃ | ︵ᠭᠤᠷᠪᠠ︶ ᠳ᠋ᠦᠩᠨᠡᠵᠦ ᠰᠢᠯᠭᠠᠨ ᠠᠪᠬᠤ ᠱᠠᠲᠤ ᠦᠶ᠎ᠡ ︵10 ᠳ᠋ᠤᠭᠠᠷ ᠰᠠᠷ᠎ᠠ ᠶᠢᠨ 1 ᠤ ᠡᠳᠦᠷ ᠠᠴᠠ 12 | ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ︶᠃ ᠡᠯ᠎ᠡ ᠱᠠᠲᠤ ᠦᠶ᠎ᠡ ᠶᠢᠨ ᠠᠵᠢᠯ ᠢᠶᠠᠨ ᠰᠠᠶᠢᠲᠤᠷ ᠪᠡᠶᠡᠯᠡᠭᠦᠯᠦᠭᠰᠡᠨ | ᠰᠠᠭᠤᠷᠢᠨ ᠳᠡᠭᠡᠷ᠎ᠡ᠂ ᠨᠠᠮᠤᠷ ᠤᠨ ᠤᠯᠠᠷᠢᠯ ᠤᠨ ᠪᠣᠷᠣᠯᠠᠭᠤᠯᠬᠤ᠂ ᠣᠷᠣᠭᠤᠯᠤᠨ ᠠᠪᠴᠢᠷᠠᠵᠤ ᠲᠣᠬᠢᠷᠠᠭᠤᠯᠬᠤ᠂ ᠲᠡᠵᠢᠭᠡᠯ | ᠡᠪᠡᠰᠦ ᠪᠣᠷᠳᠤᠭ᠎ᠠ ᠶᠢ ᠨᠥᠭᠡᠴᠡᠯᠡᠬᠦ ᠵᠡᠷᠭᠡ ᠠᠵᠢᠯ ᠢᠶᠠᠨ ᠰᠠᠶᠢᠲᠤᠷ ᠠᠳᠬᠤᠵᠤ᠂ ᠮᠢᠬᠠᠨ ᠤ ᠦᠬᠡᠷ ᠢ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠢ ᠰᠢᠯᠭᠠᠨ ᠬᠤᠷᠢᠶᠠᠬᠤ ᠠᠵᠢᠯ ᠢᠶᠠᠨ ᠰᠠᠶᠢᠲᠤᠷ ᠬᠢᠵᠦ᠂ ᠪᠥᠬᠦ | ᠵᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠳ᠋ᠦᠩᠨᠡᠨ᠎ᠡ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠥᠬᠦ ᠠᠶᠢᠮᠠᠭ ᠤᠨ ᠮᠢᠬᠠᠨ ᠤ | ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠲᠤᠰᠬᠠᠢ ᠲᠦᠷᠦᠯ ᠢᠶᠠᠷ ᠠᠬᠢᠭᠤᠯᠬᠤ ᠠᠵᠢᠯ | ᠪᠣᠯ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢᠨ ᠨᠢᠭᠡ ᠵᠦᠢᠯ ᠤᠨ | ᠰᠢᠰᠲ᠋ᠧᠮᠲᠦ ᠢᠨᠵᠧᠨᠧᠷᠢᠩ ᠪᠣᠯᠣᠨ᠎ᠠ᠂ ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠨᠠᠷᠢᠨ ᠨᠢᠮᠪᠠᠢ ᠲᠥᠯᠥᠪᠵᠢᠭᠦᠯᠦᠨ᠂ ᠨᠠᠷᠢᠨ ᠨᠢᠮᠪᠠᠢ ᠪᠠᠶᠢᠷᠢᠯᠠᠭᠤᠯᠵᠤ᠂ ᠬᠠᠷᠠᠯᠲᠠᠲᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠵᠢᠯ ᠡᠭᠦᠷᠭᠡ ᠪᠠᠨ | ᠵᠠᠳᠠᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ | ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ | ᠪᠣᠶᠢᠵᠢᠭᠤᠯᠬᠤ ᠠᠵᠢᠯ ᠤᠨ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠪᠠᠨ ᠴᠢᠩᠭᠠᠷᠠᠭᠤᠯᠤᠨ᠎ᠠ᠃ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠨᠢ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠲᠤᠰᠬᠠᠢ | ᠲᠦᠷᠦᠯ ᠢᠶᠠᠷ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠲᠥᠷᠥᠯ ᠤᠨ ᠲᠤᠰᠬᠠᠢ | ᠪᠡᠯᠡ ᠮᠥᠩᠭᠦ ᠲᠣᠬᠢᠷᠠᠭᠤᠯᠵᠤ ᠲᠤᠯᠭᠠᠭᠤᠷᠢᠯᠠᠯ ᠤᠨ ᠪᠠᠲᠤᠯᠠᠭ᠎ᠠ ᠪᠣᠯᠭᠠᠨ᠎ᠠ᠃ ᠡᠯ᠎ᠡ ᠭᠠᠵᠠᠷ ᠤᠨ ᠬᠢᠨ ᠪᠠᠰᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠡᠯᠡ ᠮᠥᠩᠭᠦᠨ ᠤ ᠣᠷᠣᠭᠤᠯᠤᠯᠲᠠ ᠶᠢᠨ ᠡᠷᠴᠢᠮ ᠢᠶᠠᠨ ᠤᠯᠠᠮ | ᠴᠢᠩᠭᠠᠷᠠᠭᠤᠯᠤᠨ᠂ ᠠᠶᠢᠮᠠᠭ ᠤᠨ ᠱᠠᠲᠤᠨ ᠤ ᠲᠤᠰᠬᠠᠢ ᠪᠡᠯᠡ ᠮᠥᠩᠭᠦ ᠶᠢ ᠪᠠᠭᠤᠯᠭᠠᠬᠤ ᠡᠷᠴᠢᠮ ᠢᠶᠠᠨ ᠴᠢᠩᠭᠠᠷᠠᠭᠤᠯᠤᠨ᠂ | ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ ᠠᠬᠢᠴᠠ ᠶᠢ ᠪᠦᠲᠦᠮᠵᠢᠲᠡᠶ ᠲᠦᠯᠬᠢᠨ ᠠᠬᠢᠭᠤᠯᠤᠨ᠎ᠠ᠃ | ︵ᠭᠤᠷᠪᠠ︶ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ᠃ ᠮᠢᠬᠠᠨ ᠤ ᠦᠬᠡᠷ ᠤᠨ ᠰᠢᠯᠢᠳᠡᠭ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠲᠤᠰᠬᠠᠢ ᠲᠦᠷᠦᠯ ᠢᠶᠠᠷ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠨᠢ ᠡᠭᠦᠷᠭᠡ ᠬᠠᠷᠢᠭᠤᠴᠠᠯᠭ᠎ᠠ ᠶᠣᠰᠣᠭᠠᠷ᠂ ᠪᠥᠬᠦ ᠵᠢᠯ ᠤᠨ ᠠᠵᠢᠯ ᠢ ᠱᠠᠯᠠᠪᠳᠠᠭᠤᠯᠬᠤ᠂ ᠵᠢᠯᠤᠭᠤᠳᠬᠤ | ᠪᠠ ᠵᠢᠯ ᠤᠨ ᠡᠴᠦᠰ ᠤᠨ ᠬᠢᠨᠠᠨ ᠰᠢᠯᠭᠠᠬᠤ ᠠᠵᠢᠯ ᠢᠶᠠᠨ ᠰᠠᠶᠢᠲᠤᠷ ᠬᠢᠨ᠎ᠡ᠃ ᠡᠯ᠎ᠡ ᠭᠠᠵᠠᠷ ᠤᠨ ᠬᠢᠨ ᠠᠵᠢᠯ ᠤᠨ | ᠲᠥᠰᠥᠯ ᠲᠣᠭᠲᠠᠭᠠᠵᠤ᠂ ᠠᠵᠢᠯ ᠤᠨ ᠲᠣᠬᠢᠷᠠᠭᠤᠯᠤᠯᠲᠠ ᠪᠠᠨ ᠦᠨᠳᠦᠰᠦᠯᠡᠨ ᠴᠠᠭ ᠲᠤᠨᠢ ᠲᠣᠬᠢᠷᠠᠭᠤᠯᠤᠨ | ᠱᠠᠯᠠᠪᠳᠠᠭᠤᠯᠤᠨ ᠵᠢᠯᠣᠭᠤᠳᠤᠨ᠎ᠠ᠃ ᠠᠵᠢᠯ ᠤᠨ ᠠᠬᠢᠴᠠ ᠳᠤ ᠬᠠᠭᠠᠰ ᠰᠠᠷ᠎ᠠ ᠶᠢᠨ ᠲᠣᠬᠢᠷᠠᠭᠤᠯᠤᠯᠲᠠ ᠶᠢᠨ ᠳᠦᠷᠢᠮ ᠢ | ᠬᠡᠷᠡᠭᠵᠢᠭᠦᠯᠵᠦ᠂ ᠲᠤᠰᠬᠠᠢ ᠬᠥᠮᠥᠨ ᠲᠣᠬᠢᠷᠠᠭᠤᠯᠤᠨ ᠠᠵᠢᠯ ᠤᠨ ᠠᠬᠢᠴᠠ ᠪᠠᠨ ᠮᠡᠳᠡᠭᠦᠯᠬᠦ ᠂ ᠳ᠋ᠦᠩᠨᠡᠯᠲᠡ ᠬᠢᠬᠦ ᠵᠡᠷᠭᠡ | ᠠᠵᠢᠯ ᠢ ᠬᠠᠷᠢᠴᠠᠭᠤᠯᠤᠨ᠎ᠠ᠃ | |