︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ  ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/25
        ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2024﹈ 13  ᠳ᠋ᠤᠭᠠᠷ ᠲᠣᠭᠠᠲᠤ  ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ   ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ   ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠣᠪᠴᠢᠶᠠᠨ ᠳᠤ᠄             ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠨᠢᠭᠡᠨᠲᠡ ᠵᠠᠬᠢᠷᠭ᠎ᠠ ᠶᠢᠨ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                   ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ                               2024 ᠣᠨ ᠤ 2 ᠳ᠋ᠤᠭᠠᠷ ᠰᠠᠷ᠎ᠠ ᠶᠢᠨ 1 ᠤ ᠡᠳᠦᠷ           ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶               ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠪᠠ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠤᠰᠠᠳᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃             ᠨᠢᠭᠡ᠂ ᠠᠶᠢᠮᠠᠭ ᠤᠨ ᠳᠣᠲᠣᠭᠠᠳᠤ ᠳᠤ ᠮᠢᠬᠠᠨ ᠤ ᠦᠬᠡᠷ ᠢ ︽ᠡᠷᠦᠬᠡ ᠳᠤ ᠲᠡᠵᠢᠭᠡᠨ ᠦᠷᠡᠵᠢᠭᠦᠯᠵᠦ ᠠᠵᠤ ᠠᠬᠤᠶᠢᠯᠠᠯ ᠳᠤ ᠪᠣᠷᠳᠣᠨ ᠲᠠᠷᠭᠤᠯᠠᠭᠤᠯᠬᠤ︾ ᠶᠢ ᠳᠡᠮᠵᠢᠨ᠎ᠡ            ︽ᠡᠷᠦᠬᠡ ᠳᠤ ᠲᠡᠵᠢᠭᠡᠨ ᠦᠷᠡᠵᠢᠭᠦᠯᠵᠦ ᠠᠵᠤ ᠠᠬᠤᠶᠢᠯᠠᠯ ᠳᠤ ᠪᠣᠷᠳᠣᠨ ᠲᠠᠷᠭᠤᠯᠠᠭᠤᠯᠬᠤ︾ ᠬᠠᠮᠲᠤᠷᠠᠯᠴᠠᠭᠠᠨ ᠤ ᠵᠠᠭᠪᠤᠷ ᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠪᠠᠷ ᠲᠤᠭᠤᠯ ᠢ ᠪᠣᠶᠢᠵᠢᠭᠤᠯᠬᠤ ᠶᠢᠨ ᠬᠠᠮᠲᠤ ᠠᠶᠢᠮᠠᠭ ᠤᠨ ᠳᠣᠲᠣᠷᠠᠬᠢ ᠪᠣᠷᠳᠣᠨ ᠲᠠᠷᠭᠤᠯᠠᠭᠤᠯᠬᠤ ᠲᠠᠯᠠᠪᠠᠶ ᠳᠤ ᠬᠤᠳᠠᠯᠳᠤᠭᠤᠯᠵᠤ᠂ ᠪᠣᠷᠳᠣᠨ ᠲᠠᠷᠭᠤᠯᠠᠭᠤᠯᠬᠤ ᠲᠠᠯᠠᠪᠠᠶ ᠠᠴᠠ ᠲᠤᠭᠤᠯ ᠢ ᠬᠤᠳᠠᠯᠳᠤᠨ ᠠᠪᠴᠤ  ᠪᠣᠷᠳᠣᠨ  ᠲᠠᠷᠭᠤᠯᠠᠭᠤᠯᠤᠨ᠎ᠠ᠃ ᠲᠡᠵᠢᠭᠡᠨ ᠦᠷᠡᠵᠢᠭᠦᠯᠬᠦ ᠡᠷᠦᠬᠡ ᠨᠢ ᠪᠣᠷᠳᠣᠨ ᠲᠠᠷᠭᠤᠯᠠᠭᠤᠯᠬᠤ ᠲᠠᠯᠠᠪᠠᠶ ︵ᠪᠣᠷᠳᠣᠨ ᠲᠠᠷᠭᠤᠯᠠᠭᠤᠯᠬᠤ ᠬᠡᠪᠴᠢᠶ᠎ᠡ ᠨᠢ 100 ᠲᠣᠯᠣᠭᠠᠢ ᠠᠴᠠ ᠳᠡᠭᠡᠭᠰᠢ︶ ᠳᠤ ᠪᠠᠷᠢᠮᠵᠢᠶᠠᠨ ᠳᠤ ᠬᠦᠷᠦᠭᠰᠡᠨ ᠲᠤᠭᠤᠯ ᠢᠶᠠᠨ ᠬᠤᠳᠠᠯᠳᠤᠪᠠᠯ᠂ ᠲᠣᠯᠣᠭᠠᠢ ᠪᠦᠷᠢ ᠶᠢ 500 ᠲᠥᠭᠦᠷᠢᠭ ᠢᠶᠠᠷ ᠱᠠᠩᠨᠠᠨ᠎ᠠ᠃﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ︵ᠣᠷᠣᠨ︶  ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠳᠣᠣᠷᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠷᠢᠭᠤᠴᠠᠯᠭᠠᠲᠤ ᠨᠢᠭᠡᠴᠡ ᠳᠤ ᠴᠥᠮ ᠡᠯ᠎ᠡ ᠬᠤᠰᠢᠭᠤ ᠰᠢᠶᠠᠨ ᠬᠤᠲᠠ ︵ ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢ ᠪᠠᠭᠲᠠᠭᠠᠵᠤ᠂ ᠳᠠᠭᠢᠵᠤ ᠲᠤᠰᠠᠭᠠᠷ ᠵᠢᠭᠰᠠᠭᠠᠬᠤ ᠦᠭᠡᠢ ]᠃            ᠬᠤᠶᠠᠷ᠂ ᠠᠶᠢᠮᠠᠭ ᠤᠨ ᠳᠣᠲᠣᠭᠠᠳᠤ ᠳᠤ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ ᠳᠡᠮᠵᠢᠨ᠎ᠡ            ᠵᠣᠬᠢᠬᠤ ᠬᠡᠪᠴᠢᠶ᠎ᠡ ᠲᠠᠢ ᠪᠠᠷ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠶᠢ ᠲᠡᠮᠵᠢᠵᠦ᠂ ᠠᠶᠢᠮᠠᠭ ᠤᠨ ᠳᠣᠲᠣᠭᠠᠳᠤ ᠶᠢᠨ ᠪᠣᠷᠳᠣᠨ ᠲᠠᠷᠭᠤᠯᠠᠭᠤᠯᠬᠤ ᠠᠵᠤ ᠠᠬᠤᠶᠢᠯᠠᠯ ᠤᠨ ᠲᠠᠩᠰᠠ ᠡᠪᠬᠡᠮᠡᠯ ᠪᠠ ᠤᠷᠮᠠᠰᠢᠭᠤᠯᠬᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ ᠠᠶᠢᠮᠠᠭ ᠤᠨ ᠳᠣᠲᠣᠭᠠᠳᠤ ᠶᠢᠨ ᠮᠢᠬᠠᠨ ᠤ ᠦᠬᠡᠷ ᠢ ᠪᠣᠷᠳᠣᠨ ᠲᠠᠷᠭᠤᠯᠠᠭᠤᠯᠬᠤ ᠲᠠᠯᠠᠪᠠᠶ ᠨᠢ ᠪᠣᠷᠳᠣᠨ ᠲᠠᠷᠭᠤᠯᠠᠭᠤᠯᠤᠭᠰᠠᠨ ᠦᠬᠡᠷ ᠢᠶᠠᠨ ᠠᠶᠢᠮᠠᠭ ᠤᠨ ᠳᠣᠲᠣᠭᠠᠳᠤ ᠶᠢᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠬᠤᠳᠠᠯᠳᠤᠪᠠᠯ ᠨᠥᠬᠦᠪᠦᠷᠢ ᠣᠯᠭᠤᠨ᠎ᠠ᠃ ᠠᠶᠢᠮᠠᠭ ᠤᠨ ᠳᠣᠲᠣᠭᠠᠳᠤ ᠶᠢᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠬᠤᠳᠠᠯᠳᠤᠵᠤ ᠨᠢᠲᠤᠯᠵᠤ ᠡᠳ᠋ᠰᠢᠭᠦᠯᠪᠡᠯ 100 - 199 ᠦᠬᠡᠷ ᠲᠤ ᠨᠢᠭᠡᠯᠡ ᠤᠳᠠᠭ᠎ᠠ ᠶᠢᠨ ᠴᠢᠨᠠᠷᠲᠠᠢ ᠪᠠᠷ ᠦᠬᠡᠷ ᠪᠦᠷᠢ ᠳᠤ 1000 ᠲᠥᠭᠦᠷᠢᠭ ᠤᠨ ᠱᠠᠩᠨᠠᠯ ᠲᠠᠢ᠂ 200 - 399 ᠪᠣᠯ ᠦᠬᠡᠷ ᠪᠦᠷᠢ ᠳᠤ 1100 ᠲᠥᠭᠦᠷᠢᠭ ᠤᠨ ᠱᠠᠩᠨᠠᠯ ᠲᠠᠢ᠂ 400 - 599 ᠪᠣᠯ ᠦᠬᠡᠷ ᠪᠦᠷᠢ ᠳᠤ 1200 ᠲᠥᠭᠦᠷᠢᠭ ᠤᠨ ᠱᠠᠩᠨᠠᠯ ᠲᠠᠢ᠂ 600 - 799 ᠪᠣᠯ ᠦᠬᠡᠷ ᠪᠦᠷᠢ ᠳᠤ 1300 ᠲᠥᠭᠦᠷᠢᠭ ᠤᠨ ᠱᠠᠩᠨᠠᠯ ᠲᠠᠢ᠂ 800 - 999 ᠪᠣᠯ ᠦᠬᠡᠷ ᠪᠦᠷᠢ ᠳᠤ 1400 ᠲᠥᠭᠦᠷᠢᠭ ᠤᠨ ᠱᠠᠩᠨᠠᠯ ᠲᠠᠢ᠂ 1000 ᠠᠴᠠ ᠳᠡᠭᠡᠭᠰᠢ ᠪᠣᠯ ᠦᠬᠡᠷ ᠪᠦᠷᠢ ᠳᠤ 1500 ᠲᠥᠭᠦᠷᠢᠭ ᠤᠨ ᠱᠠᠩᠨᠠᠯ ᠲᠠᠢ᠂ ᠱᠠᠩᠨᠠᠬᠤ ᠵᠣᠭᠤᠰᠤᠨ ᠤ ᠲᠤᠭ᠎ᠠ ᠶᠢ ᠬᠠᠮᠤᠭ ᠤᠨ ᠥᠨᠳᠥᠷ ᠲᠤ ᠪᠠᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠬᠡᠪᠴᠢᠶᠡᠵᠢᠭᠰᠡᠨ ᠪᠣᠷᠳᠣᠨ ᠲᠠᠷᠭᠤᠯᠠᠭᠤᠯᠬᠤ ᠲᠠᠯᠠᠪᠠᠢ ᠶᠢᠨ ᠪᠠᠶᠢᠭ᠎ᠠ ᠭᠠᠵᠠᠷ ᠣᠷᠣᠨ ᠳᠤ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠭᠠᠵᠠᠷ᠂ ᠬᠤᠵᠢᠷᠯᠢᠭ ᠭᠠᠵᠠᠷ᠂ ᠡᠯᠡᠰᠦᠨ ᠲᠠᠩ ᠭᠠᠵᠠᠷ ᠵᠡᠷᠭᠡ ᠡᠯ᠎ᠡ ᠲᠥᠷᠥᠯ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠤᠷᠢᠳᠠᠪᠠᠷ ᠲᠣᠬᠢᠷᠠᠭᠤᠯᠵᠤ ᠨᠣᠭᠤᠭᠠᠨ ᠳᠠᠷᠤᠰᠢ᠂ ᠴᠠᠷᠭᠠᠰᠤ᠂ ᠨᠣᠬᠠᠢ ᠶᠢᠨ ᠬᠤᠰᠢᠭᠤ ᠵᠡᠷᠭᠡ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠤᠭ᠎ᠠ ᠲᠠᠷᠢᠬᠤ ᠶᠢ ᠲᠡᠮᠵᠢᠵᠦ᠂ ᠪᠣᠷᠳᠣᠨ ᠲᠠᠷᠭᠤᠯᠠᠭᠤᠯᠬᠤ ᠥᠪᠡᠷ ᠤᠨ ᠦᠷᠳᠡᠭ ᠢ ᠪᠠᠭᠤᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶            ᠭᠤᠷᠪᠠ᠂ ᠠᠶᠢᠮᠠᠭ ᠤᠨ ᠳᠣᠲᠣᠭᠠᠳᠤ ᠶᠢᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠶᠢ ᠳᠡᠮᠵᠢᠨ᠎ᠡ            ᠠᠶᠢᠮᠠᠭ ᠤᠨ ᠳᠣᠲᠣᠭᠠᠳᠤ ᠳᠤ ᠪᠣᠷᠳᠣᠨ ᠲᠠᠷᠭᠤᠯᠠᠭᠤᠯᠤᠭᠰᠠᠨ ᠦᠬᠡᠷ ᠢ  ᠵᠢᠯ ᠳᠤ 2000 ᠠᠴᠠ ᠳᠡᠭᠡᠭᠰᠢ ᠨᠢᠲᠤᠯᠵᠤ ᠡᠳ᠋ᠰᠢᠭᠦᠯᠦᠭᠰᠡᠨ ᠠᠵᠤ ᠠᠬᠤᠶᠢᠯᠠᠯ ᠢ ᠨᠢᠭᠡᠯᠡ ᠤᠳᠠᠭ᠎ᠠ ᠶᠢᠨ ᠴᠢᠨᠠᠷᠲᠠᠢ 100 ᠲᠦᠮᠡᠨ ᠲᠥᠭᠦᠷᠢᠭ ᠢᠶᠠᠷ ᠱᠠᠩᠨᠠᠵᠤ᠂ 100 ᠦᠬᠡᠷ ᠨᠡᠮᠡᠭᠳᠡᠭᠦᠯᠬᠦ ᠪᠣᠯᠭᠠᠨ ᠳᠤ ᠢᠯᠡᠭᠦᠦ 5 ᠲᠦᠮᠡᠨ ᠲᠥᠭᠦᠷᠢᠭ ᠱᠠᠩᠨᠠᠵᠤ᠂ ᠱᠠᠩᠨᠠᠬᠤ ᠵᠣᠭᠤᠰᠤᠨ ᠤ ᠲᠤᠭ᠎ᠠ ᠶᠢ ᠬᠠᠮᠤᠭ ᠥᠨᠳᠥᠷ ᠲᠤ ᠪᠠᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃  ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶            ᠳᠥᠷᠪᠡ᠂ ᠮᠢᠬᠠᠨ ᠤ ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ          ᠠᠶᠢᠮᠠᠭ ᠤᠨ ᠳᠣᠲᠣᠷᠠᠬᠢ ᠪᠣᠷᠳᠣᠨ ᠲᠠᠷᠭᠤᠯᠠᠭᠤᠯᠤᠭᠰᠠᠨ ᠦᠬᠡᠷ ᠢ ᠨᠢᠲᠤᠯᠵᠤ ᠡᠳ᠋ᠰᠢᠭᠦᠯᠦᠭᠰᠡᠨ ᠮᠥᠷᠲᠡᠭᠡᠨ C ᠳᠡᠰ ᠤᠨ ᠪᠣᠷᠣᠯᠠᠭᠤᠯᠤᠨ ᠬᠤᠳᠠᠯᠳᠤᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠣᠯ ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳᠠᠪᠠᠷ ᠬᠦᠢᠲᠡᠨ ᠬᠡᠯᠬᠢᠶᠡᠲᠦ ᠲᠡᠭᠡᠭᠡᠪᠦᠷᠢ ᠪᠣᠯᠣᠨ ᠤᠷᠢᠳᠠᠴᠢ ᠬᠥᠮᠥᠷᠭᠡ ᠶᠢ ᠬᠡᠷᠡᠭᠯᠡᠭᠦᠯᠦᠨ᠎ᠡ᠃ ᠠᠵᠤ ᠠᠬᠤᠶᠢᠯᠠᠯ ᠤᠨ ᠲᠣᠮᠣ ᠬᠡᠯᠪᠡᠷᠢ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠯᠳᠡᠭᠡᠵᠦ ᠬᠠᠳᠠᠭᠠᠯᠠᠬᠤ ᠰᠢᠨ᠎ᠡ ᠰᠣᠷᠭᠤᠭ ᠢᠶᠠᠷ ᠬᠠᠳᠠᠭᠠᠯᠠᠬᠤ ᠲᠥᠬᠦᠭᠡᠷᠦᠮᠵᠢ  ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠲᠥᠷᠥᠯ ᠵᠦᠢᠯ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠥᠷᠥᠯ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ  ᠲᠥᠪ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ︶          ᠲᠠᠪᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ            ᠮᠥᠩᠭᠦᠨ ᠭᠦᠢᠯᠭᠡᠭᠡ᠂ ᠢᠲᠡᠭᠡᠮᠵᠢᠲᠦ ᠳᠠᠭᠠᠭᠠᠨ ᠪᠠᠲᠤᠯᠠᠬᠤ ᠪᠠᠶᠢᠭᠤᠯᠤᠮᠵᠢ ᠶᠢᠨ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠨ ᠤ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠪᠡᠯᠡ ᠤᠷᠤᠭᠤᠯᠬᠤ ᠥᠪᠡᠷ ᠤᠨ ᠦᠷᠳᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠪᠡᠯᠡ ᠤᠷᠤᠭᠤᠯᠬᠤ ᠨᠥᠬᠦᠴᠡᠯ ᠳᠤ ᠨᠡᠶᠢᠴᠡᠬᠦ ᠬᠡᠪᠴᠢᠶᠡᠵᠢᠭᠰᠡᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ︵ᠪᠣᠷᠳᠣᠨ ᠲᠠᠷᠭᠤᠯᠠᠭᠤᠯᠬᠤ︶ ᠠᠵᠤ ᠠᠬᠤᠶᠢᠯᠠᠯ ᠪᠣᠯᠣᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠵᠢᠭᠡᠯᠡᠯᠭᠡ ᠭᠤᠶᠤᠴᠢᠯᠠᠬᠤ ᠳᠤ ᠰᠢᠯᠢ ᠶᠢᠨ ᠭᠤᠣᠯ ᠬᠤᠨᠢᠨ ᠤ ᠡᠷᠬᠡ ᠶᠢ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳᠠᠪᠠᠷ ᠳᠡᠮᠵᠢᠨ᠎ᠡ᠃ ᠵᠢᠭᠡᠯᠡᠯᠭᠡ ᠶᠢᠨ ᠵᠣᠭᠤᠰᠤᠨ ᠤ ᠲᠤᠭ᠎ᠠ ᠶᠢ ᠪᠣᠷᠳᠣᠵᠤ ᠲᠠᠷᠭᠤᠯᠠᠭᠤᠯᠬᠤ ᠪᠠ ᠨᠢᠲᠤᠯᠵᠤ ᠡᠳ᠋ᠰᠢᠭᠦᠯᠬᠦ ᠪᠣᠳᠠᠲᠠᠢ ᠲᠤᠭ᠎ᠠ ᠬᠡᠮᠵᠢᠶ᠎ᠡ ᠯᠦᠭᠡ ᠬᠤᠯᠪᠣᠭᠳᠠᠭᠤᠯᠵᠤ᠂ ᠲᠤᠭ᠎ᠠ  ᠬᠡᠮᠵᠢᠶ᠎ᠡ ᠶᠢ  3000  ᠲᠦᠮᠡᠨ  ᠲᠥᠭᠦᠷᠢᠭ  ᠠᠴᠠ  ᠬᠡᠲᠦᠷᠡᠭᠦᠯᠬᠦ ᠦᠭᠡᠢ᠃ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠨᠣᠷᠮ᠎ᠠ︶ ᠠᠴᠠ ᠬᠡᠲᠦᠷᠡᠭᠦᠯᠬᠦ ᠦᠭᠡᠢ ᠪᠠᠷ 50% ᠶᠢᠨ ᠬᠦᠦ ᠮᠥᠩᠭᠦ ᠶᠢ ᠣᠷᠣᠯᠠᠨ  ᠥᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶            ᠵᠢᠷᠭᠤᠭ᠎ᠠ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠳᠡᠮᠵᠢᠨ᠎ᠡ            ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠰᠢᠯᠢ ᠶᠢᠨ ᠭᠤᠣᠯ ᠠᠶᠢᠮᠠᠭ   ᠤᠨ ᠠᠩᠭᠢᠰ ᠦᠬᠡᠷ ᠵᠢᠴᠢ ᠸᠠᠬᠢᠶ᠋ᠢᠤ᠋ ᠦᠬᠡᠷ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ 1 - 2 ᠳᠡᠭᠡᠳᠦ ᠲᠠᠰ ᠤᠨ ᠮᠢᠬᠠᠨ ᠤ ᠦᠬᠡᠷ ᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠠᠲᠠᠨ ᠣᠷᠣᠭᠤᠯᠵᠤ᠂ ᠠᠶᠢᠮᠠᠭ ᠤᠨ ᠳᠣᠲᠣᠭᠠᠳᠤ ᠳᠤ ᠪᠠᠨ ᠪᠣᠷᠳᠣᠨ ᠲᠠᠷᠭᠤᠯᠠᠭᠤᠯᠵᠤ ᠨᠠᠷᠢᠯᠢᠭ ᠡᠳ᠋ᠰᠢᠭᠦᠯᠦᠭᠰᠡᠨ ᠥᠨᠳᠥᠷ ᠲᠠᠰ ᠤᠨ ᠦᠬᠡᠷ ᠤᠨ ᠮᠢᠬ᠎ᠠ ᠶᠢ ᠪᠣᠷᠣᠯᠠᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠢᠯᠢ ᠶᠢᠨ ᠭᠤᠣᠯ ᠠᠶᠢᠮᠠᠭ ᠤᠨ ᠳᠡᠭᠡᠳᠦ ᠲᠠᠰ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠰᠠᠶᠢᠨ ᠰᠠᠭᠤᠷᠢ ᠲᠠᠯᠪᠢᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠳᠤ ︽ᠲᠤᠰᠬᠠᠢ ᠶᠠᠪᠤᠳᠠᠯ ᠢ ᠲᠤᠰᠬᠠᠢ ᠵᠥᠪᠯᠡᠬᠦ︾ ᠠᠷᠭ᠎ᠠ ᠮᠠᠶ᠋ᠢᠭ ᠢ ᠠᠪᠴᠤ᠂ ᠲᠤᠰᠠᠭᠠᠷ  ᠲᠥᠷᠥ  ᠶᠢᠨ  ᠪᠣᠳᠣᠯᠭ᠎ᠠ  ᠶᠢᠨ  ᠳᠡᠮᠵᠢᠯᠭᠡ   ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶            ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠬᠤᠭᠤᠴᠠᠭ᠎ᠠ ᠨᠢ 2024 - 2025 ᠣᠨ ᠪᠣᠯᠣᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠦᠷᠦᠭᠦᠯᠡᠨ᠂ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ  ᠲᠣᠭᠲᠠᠭᠠᠵᠤ ᠨᠡᠶᠢᠲᠡᠯᠡᠨ᠎ᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号