ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ︽ᠠᠭᠠᠭᠢᠮ᠎ᠠ ᠬᠠᠯᠠᠭᠤᠨ  ᠳᠤ ᠬᠥᠳᠡᠯᠮᠦᠷᠢᠯᠡᠵᠦ ᠪᠠᠶᠢᠭ᠎ᠠ ᠬᠥᠳᠡᠯᠮᠦᠷᠢᠴᠢᠳ ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
    7 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ  ᠠᠴᠠ ᠥᠷᠨᠢᠭᠦᠯᠦᠭᠰᠡᠨ ︽ᠠᠭᠠᠭᠢᠮ᠎ᠠ ᠬᠠᠯᠠᠭᠤᠨ ᠳᠤ ᠬᠥᠳᠡᠯᠮᠦᠷᠢᠯᠡᠵᠦ ᠪᠠᠶᠢᠭ᠎ᠠ ᠬᠥᠳᠡᠯᠮᠦᠷᠢᠴᠢᠳ ᠲᠤ ᠬᠠᠶᠢᠷ᠎ᠠ ᠬᠠᠯᠠᠮᠵᠢ ᠬᠦᠷᠭᠡᠬᠦ︾ ᠭᠤᠣᠯ ᠰᠡᠳᠦᠪᠲᠦ ᠭᠡᠷ ᠤᠨ ᠭᠠᠳᠠᠨᠠᠬᠢ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠦᠵᠦᠮᠦᠴᠢᠨ ᠰᠣᠶᠣᠯ ᠤᠨ ᠠᠭᠤᠳᠠᠮ ᠲᠠᠯᠠᠪᠠᠶ ᠳᠤ ᠶᠠᠪᠤᠭᠳᠠᠵᠤ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠠᠷᠠᠨᠲᠤᠶᠠᠭ᠎ᠠ ᠠᠵᠢᠯᠯᠠᠭ᠎ᠠ  ᠳᠤ ᠣᠷᠣᠯᠴᠠᠵᠤ ᠶᠠᠷᠢᠶ᠎ᠠ ᠲᠠᠯᠪᠢᠪᠠ᠃     ᠠᠵᠢᠯᠯᠠᠭ᠎ᠠ ᠳᠤ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠠᠴᠠ ᠠᠭᠠᠭᠢᠮ᠎ᠠ ᠬᠠᠯᠠᠭᠤᠨ ᠳᠤ ᠭᠠᠳᠠᠨ᠎ᠠ ᠣᠷᠴᠢᠨ ᠳᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ᠂ ᠣᠨᠴᠠ ᠴᠠᠭᠳᠠᠭ᠎ᠠ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠷᠢᠯᠭ᠎ᠠ ᠶᠢᠨ ᠠᠵᠢᠯ ᠲᠥᠷᠥᠯ ᠤᠨ ᠠᠵᠢᠯᠲᠠᠨ ᠠᠵᠢᠯᠴᠢᠨ ᠵᠢᠴᠢ ᠠᠴᠢᠶᠠᠨ ᠤ ᠮᠠᠰᠢᠨ ᠤ ᠵᠢᠯᠣᠭᠤᠴᠢ᠂ ᠲᠦᠷᠭᠡᠨ ᠬᠦᠷᠭᠡᠯᠲᠡ ᠶᠢᠨ ᠠᠵᠢᠯᠴᠢᠨ ᠵᠡᠷᠭᠡ 1229 ᠨᠡᠷ᠎ᠡ ᠠᠵᠢᠯᠳᠠᠨ ᠠᠵᠢᠯᠴᠢᠳ ᠲᠤ 13.7 ᠲᠦᠮᠡᠨ ᠲᠥᠭᠦᠷᠢᠭ ᠤᠨ ᠦᠷᠳᠡᠭ ᠪᠦᠬᠦᠢ ᠤᠰᠤ ᠤᠮᠳᠠᠭᠠᠨ ᠲᠠᠷᠪᠤᠰ ᠵᠡᠷᠭᠡ ᠲᠤᠬᠤᠨᠢᠭᠤᠯᠬᠤ ᠪᠣᠳᠠᠰ ᠪᠠ ᠨᠣᠭᠤᠭᠠᠨ ᠪᠤᠷᠴᠠᠭ᠂ ᠮᠥᠰᠥᠨ ᠰᠢᠬᠢᠷ᠂ ᠠᠯᠴᠢᠭᠤᠷ᠂ ᠬᠤᠪᠴᠠᠰᠤ ᠤᠬᠢᠶᠠᠬᠤ ᠰᠢᠩᠭᠡᠨ᠂ ᠳᠤᠯᠠᠭᠠᠨ ᠢ ᠬᠠᠮᠠᠭᠠᠯᠠᠬᠤ ᠴᠣᠮᠣ ᠵᠡᠷᠭᠡ ︽ᠨᠠᠷᠠᠰᠢᠬᠤ ᠠᠴᠠ ᠰᠡᠷᠭᠡᠶᠢᠯᠡᠬᠦ ᠪᠡᠯᠡᠭ︾ ᠢ ᠲᠦᠭᠡᠭᠡᠨ ᠬᠦᠷᠭᠡᠭᠰᠡᠨ ᠪᠠᠶᠢᠨ᠎ᠠ᠃     ︽ᠠᠭᠠᠭᠢᠮ᠎ᠠ ᠬᠠᠯᠠᠭᠤᠨ ᠳᠤ ᠠᠵᠢᠯᠯᠠᠵᠤ ᠪᠠᠶᠢᠭ᠎ᠠ ᠬᠥᠳᠡᠯᠮᠦᠷᠢᠴᠢᠳ ᠲᠤ ᠬᠠᠶᠢᠷ᠎ᠠ ᠬᠠᠯᠠᠮᠵᠢ ᠬᠦᠷᠭᠡᠬᠦ︾ ᠪᠣᠯ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠣᠯᠠᠨ ᠵᠢᠯ ᠪᠠᠷᠢᠮᠲᠠᠯᠠᠭᠰᠠᠭᠠᠷ ᠢᠷᠡᠭᠰᠡᠨ ︽ᠳᠥᠷᠪᠡᠨ ᠶᠡᠭᠡ ᠨᠠᠷᠠᠲᠤ ᠲᠡᠮᠳᠡᠭᠲᠦ︾ ᠠᠵᠢᠯᠯᠠᠭ᠎ᠠ ᠶᠢᠨ ᠨᠢᠭᠡ ᠪᠣᠯᠣᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ︽ᠠᠭᠠᠭᠢᠮ᠎ᠠ ᠬᠠᠯᠠᠭᠤᠨ ᠳᠤ ᠠᠵᠢᠯᠯᠠᠵᠤ ᠪᠠᠶᠢᠭ᠎ᠠ ᠬᠥᠳᠡᠯᠮᠦᠷᠢᠴᠢᠳ  ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠳᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢᠯᠠᠯ ᠢ  ᠬᠦᠷᠭᠡᠭᠰᠡᠭᠡᠷ ᠢᠷᠡᠵᠡᠢ᠃     ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠭᠡᠷ ᠤᠨ ᠭᠠᠳᠠᠨᠠᠬᠢ ᠬᠥᠳᠡᠯᠮᠦᠷᠢᠴᠢᠳ ᠤᠨ ᠠᠵᠢᠯ ᠦᠢᠯᠡᠰ ᠢᠶᠠᠨ ᠭᠡᠰᠡᠨ ᠬᠠᠯᠠᠭᠤᠨ ᠰᠡᠳᠬᠢᠯᠭᠡ ᠶᠢ ᠤᠯᠠᠮ ᠬᠦᠭᠵᠢᠭᠡᠨ᠂ ᠠᠵᠢᠯᠯᠠᠭ᠎ᠠ ᠳᠤ ᠤᠷᠤᠯᠴᠠᠭᠰᠠᠳ ᠠᠴᠠ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢᠯᠠᠯ ᠢ ᠠᠵᠢᠯ ᠤᠨ ᠢᠶᠠᠨ ᠬᠥᠳᠡᠯᠭᠡᠬᠦ ᠬᠦᠴᠦᠨ ᠪᠣᠯᠭᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠨ᠂ ᠠᠭᠠᠭᠢᠮ᠎ᠠ ᠬᠠᠯᠠᠭᠤᠨ ᠢ ᠬᠠᠶᠢᠬᠤᠷᠤᠯ ᠦᠭᠡᠢ ᠡᠯ᠎ᠡ ᠵᠦᠢᠯ ᠤᠨ ᠠᠵᠢᠯ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠡᠭᠡᠯ ᠵᠢᠷ ᠤᠨ ᠠᠵᠢᠯ ᠤᠨ ᠪᠠᠶᠢᠷᠢᠨ ᠳᠠᠭᠠᠨ ᠬᠡᠷᠡᠯ ᠭᠢᠯᠪᠠᠭ᠎ᠠ ᠪᠠᠨ ᠪᠠᠳᠠᠷᠠᠭᠤᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃    ᠠᠵᠢᠯᠯᠠᠭ᠎ᠠ ᠶᠢᠨ ᠳᠠᠷᠠᠭ᠎ᠠ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠥᠷᠨᠢᠭᠦᠯᠵᠦ᠂ ᠠᠵᠢᠯᠲᠠᠨ ᠠᠵᠢᠯᠴᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽ᠠᠶᠤᠯᠭᠦᠢ ᠦᠢᠯᠡᠳᠪᠦᠷᠢᠯᠡᠯ ᠤᠨ ᠳᠦᠷᠢᠮ︾ ᠵᠢᠴᠢ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠶᠢ ᠤᠯᠠᠮᠵᠢᠯᠠᠨ ᠲᠠᠶᠢᠯᠪᠤᠷᠢᠯᠠᠪᠠ᠃    ᠳᠠᠷᠠᠭ᠎ᠠ ᠠᠯᠬᠤᠮ ᠳᠤ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ ᠬᠠᠯᠠᠭᠤᠨ ᠠᠴᠠ ᠰᠡᠷᠭᠡᠶᠢᠯᠡᠬᠦ ᠠᠵᠢᠯ ᠢ ᠵᠤᠨ ᠤ ᠤᠯᠠᠷᠢᠯ ᠤᠨ ᠭᠤᠣᠯᠳᠠᠯᠭ᠎ᠠ ᠲᠠᠢ ᠠᠵᠢᠯ ᠪᠣᠯᠭᠠᠨ ᠦᠷᠭᠦᠯᠵᠢᠯᠡᠨ ᠰᠠᠶᠢᠲᠤᠷ ᠠᠳᠬᠤᠵᠤ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠳᠤ ᠡᠳ᠋ ᠪᠣᠳᠠᠰ ᠬᠦᠷᠭᠡᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠯᠭᠡᠬᠦ᠂ ᠬᠠᠤᠯᠢ ᠴᠠᠭᠠᠵᠠ ᠶᠢ ᠤᠬᠠᠭᠤᠯᠬᠤ ᠵᠡᠷᠭᠡ ᠪᠠᠷ ᠳᠠᠮᠵᠢᠭᠤᠯᠤᠨ ︽ᠠᠭᠠᠭᠢᠮ᠎ᠠ ᠬᠠᠯᠠᠭᠤᠨ ᠳᠤ ᠬᠥᠳᠡᠯᠮᠦᠷᠢᠯᠡᠵᠦ ᠪᠠᠶᠢᠭ᠎ᠠ ᠬᠥᠳᠡᠯᠮᠦᠷᠢᠴᠢᠳ ᠲᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢ ᠣᠯᠠᠨ ᠬᠡᠯᠪᠡᠷᠢ ᠪᠠᠷ ᠢᠳᠡᠪᠬᠢᠲᠡᠢ ᠥᠷᠨᠢᠭᠦᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠥᠷᠭᠡᠨ ᠢᠶᠠᠷ ᠳᠠᠮᠵᠢᠭᠤᠯᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠢᠶᠠᠷ ᠠᠭᠠᠬᠢᠮ᠎ᠠ ᠵᠤᠨ ᠢ ᠥᠩᠭᠡᠷᠡᠭᠦᠯᠬᠦ ᠳᠤ ᠪᠠᠳᠤᠯᠠᠭ᠎ᠠ ᠬᠠᠩᠭᠠᠬᠤ ᠪᠤᠯᠤᠨ᠎ᠠ᠃ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ ᠶᠢᠨ ᠠᠴᠢᠯᠠᠯᠲᠤ᠄ ︽ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠭᠠᠳ ᠲᠤᠩ ᠪᠠᠶᠠᠷᠲᠠᠢ ᠪᠠᠶᠢᠨ᠎ᠠ᠃ ᠬᠤᠰᠢᠭᠤ ᠠᠵᠢᠯᠴᠢᠨ ᠤ ᠶᠡᠷᠦᠩᠭᠡᠢ ᠡᠪᠯᠡᠯ ᠠᠴᠠ ᠮᠠᠨ ᠤ ᠠᠵᠢᠯᠳᠠᠨ ᠠᠵᠢᠯᠴᠢᠳ ᠢ ᠬᠠᠯᠠᠮᠵᠢᠯᠠᠨ ᠬᠠᠶᠢᠷᠠᠯᠠᠵᠤ᠂ ᠤᠯᠠᠨ ᠲᠦᠷᠦᠯ ᠤᠨ ᠲᠤᠬᠤᠨᠢᠭᠤᠯᠬᠤ ᠪᠤᠳᠠᠰ ᠬᠦᠷᠭᠡᠭᠰᠡᠨ ᠪᠠᠶᠢᠨ᠎ᠠ᠃ ᠡᠬᠦᠨ ᠠᠴᠠ ᠬᠤᠶᠢᠰᠢᠲᠠ ᠤᠯᠠᠮ ᠰᠠᠶᠢᠨ ᠴᠢᠷᠮᠠᠶᠢᠨ ᠠᠵᠢᠯᠯᠠᠵᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠰᠡᠷᠳᠡᠬᠦᠯᠬᠦ ᠦᠭᠡᠢ ᠪᠠᠷ ᠴᠢᠷᠮᠠᠶᠢᠨ ᠠᠵᠢᠯᠯᠠᠬᠤ ᠤᠷᠮ᠎ᠠ ᠵᠤᠷᠢᠭ ᠬᠦᠪᠴᠢᠯᠡᠭᠳᠡᠵᠦ ᠪᠠᠶᠢᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号